ᠦᠴᠦᠸᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/9/14
     ᠣᠷᠳᠣᠰ ᠬᠤᠳᠠ ᠶᠢᠨ ᠢ ᠳ᠋ᠢᠩ ᠠᠮᠢ ᠠᠬᠤᠢ ᠶᠢᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠥᠨᠳᠥᠷ ᠳᠠᠷᠤᠯᠲᠠᠲᠤ ᠬᠡᠢ ᠪᠡᠶᠡᠲᠦ ᠰᠦᠷᠴᠢᠭᠰᠡᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠡᠶᠢᠮᠦᠷᠬᠦ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠦᠴᠦᠸᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠶᠢᠷ᠎ᠠ ᠶᠢᠨ ᠡᠳᠦᠷ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃      ᠲᠣᠰ ᠤᠳᠠᠭᠠᠨ ᠤ ᠲᠤᠰᠬᠠᠢ ᠠᠵᠢᠯᠯᠠᠭ᠎ᠠ ᠳᠤ ᠣᠳᠣᠨ ᠲᠠᠰ ᠤᠨ ᠲᠠᠷᠢᠶᠠᠴᠢᠨ ᠠᠶᠢᠯ ᠤᠨ ᠵᠢᠭᠤᠯᠴᠢᠯᠠᠯ᠂ ᠰᠣᠶᠣᠯ ᠵᠢᠭᠤᠯᠴᠢᠯᠠᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠶ᠂ ᠨᠣᠮ ᠤᠨ ᠳᠡᠯᠭᠡᠭᠦᠷ᠂ ᠰᠦᠯᠵᠢᠶᠡᠨ ᠤ ᠪᠠᠭᠠᠷ ᠵᠡᠷᠭᠡ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠭᠤᠣᠯᠳᠠᠯᠭ᠎ᠠ ᠲᠠᠢ ᠪᠠᠶᠢᠴᠠᠭᠠᠵᠤ᠂ ᠡᠯ᠎ᠡ ᠲᠠᠯᠠᠪᠤᠷ ᠭᠠᠵᠠᠷ ᠤᠨ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠲᠣᠬᠢᠷᠠᠭᠤᠯᠤᠭᠰᠠᠨ ᠡᠰᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠭᠰᠠᠨ ᠡᠰᠡᠬᠦ᠂ ᠭᠠᠯ ᠴᠠᠬᠢᠯᠭᠠᠨ ᠬᠡᠷᠡᠭᠯᠡᠭᠰᠡᠨ ᠨᠢ ᠵᠢᠷᠤᠮᠵᠢᠯ ᠲᠠᠢ ᠡᠰᠡᠬᠦ᠂ ᠰᠢᠩᠭᠡᠵᠢᠭᠦᠯᠦᠭᠰᠡᠨ ᠬᠡᠢ ᠶᠢᠨ ᠰᠠᠪᠠ ᠶᠢ ᠬᠡᠷᠡᠭᠯᠡᠭᠰᠡᠨ ᠨᠢ ᠲᠣᠭᠲᠠᠭᠠᠯ ᠳᠤ ᠨᠡᠶᠢᠴᠡᠬᠦ ᠡᠰᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠠᠷᠠᠴᠢᠯᠠᠨ ᠬᠠᠮᠠᠭᠠᠯᠠᠵᠤ᠂ ᠰᠡᠯᠪᠢᠨ ᠵᠠᠰᠠᠭᠰᠠᠨ ᠡᠰᠡᠬᠦ ᠶᠢ ᠲᠣᠪᠣᠶᠢᠮ᠎ᠠ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ᠂ ᠬᠠᠤᠯᠢ ᠬᠡᠷᠡᠭᠵᠢᠭᠦᠯᠬᠦ ᠠᠵᠢᠯᠲᠠᠨ ᠴᠥᠮ ᠨᠠᠷᠢᠨ ᠨᠢᠮᠪᠠᠢ ᠪᠠᠶᠢᠴᠠᠭᠠᠨ ᠦᠵᠡᠵᠦ᠂ ᠨᠠᠷᠢᠨ ᠨᠢᠮᠪᠠᠢ ᠯᠠᠪᠯᠠᠨ ᠠᠰᠠᠭᠤᠪᠠ᠃ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠲᠠᠯᠠᠪᠤᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠭᠰᠠᠨ ᠪᠥᠭᠡᠳ ᠲᠠᠯᠠᠪᠤᠷ ᠤᠨ ᠬᠠᠷᠢᠭᠤᠴᠠᠯᠭᠠᠲᠠᠨ ᠳᠤ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠰᠠᠨᠠᠭᠤᠯᠪᠠ᠃      ᠳᠠᠷᠠᠭ᠎ᠠ ᠶᠢᠨ ᠠᠯᠬᠤᠮ ᠳᠤ᠂ ᠮᠠᠨ ᠤ ᠲᠣᠪᠴᠢᠶ᠎ᠠ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ ᠲᠠᠢ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠢ ᠰᠢᠮᠳᠠᠭᠤᠯᠵᠤ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠨᠠᠷᠢᠨ ᠨᠢᠮᠪᠠᠢ ᠪᠥᠬᠦ ᠲᠠᠯ᠎ᠠ ᠪᠠᠷ ᠥᠷᠨᠢᠭᠦᠯᠵᠦ᠂ ᠡᠩ ᠤᠨ ᠬᠡᠮ ᠰᠣᠭᠤᠭ ᠢ ᠠᠵᠢᠯ ᠤᠨ ᠳᠤᠮᠳᠠ ᠪᠠᠨ ᠥᠭᠡᠷᠡᠴᠢᠯᠡᠵᠦ᠂ ᠬᠦᠨᠳᠦ ᠶᠡᠭᠡ ᠬᠡᠮ ᠰᠣᠭᠤᠭ ᠢ ᠲᠡᠷᠡ ᠳᠠᠷᠤᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号