ᠦᠴᠦᠸᠠᠨ ᠰᠢᠶᠠᠨ ᠠᠩᠬᠠᠳᠤᠭᠠᠷ ᠬᠤᠭᠤᠴᠠᠭᠠᠨ ᠤ ᠲᠥᠮᠥᠰᠥ ᠶᠢᠨ ᠡᠯᠪᠡᠭ ᠬᠤᠷᠢᠶᠠᠯᠲᠠ ᠶᠢᠨ ᠪᠠᠶᠠᠷ ᠵᠢᠴᠢ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠠᠶᠠᠷ ᠢ ᠡᠷᠬᠢᠯᠡᠪᠡ
ᠨᠡᠶᠢᠲᠡᠯᠡᠭᠰᠡᠨ ᠴᠠᠭ᠄
2023/9/14
     ᠠᠯᠲᠠᠨ ᠨᠠᠮᠤᠷ ᠤᠨ ᠶᠢᠰᠦᠨ ᠰᠠᠷ᠎ᠠ ᠳᠤ᠂ ᠲᠥᠮᠥᠰᠥ ᠪᠤᠭᠤᠳᠠᠢ ᠶᠢᠨ ᠠᠩᠬᠢᠯᠤᠮ᠎ᠠ ᠦᠨᠦᠷ ᠬᠠᠩᠬᠤᠯᠤᠨ᠎ᠠ᠃ ᠦᠴᠦᠸᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠦᠷᠢ ᠲᠥᠷᠬᠦ ᠪᠣᠯᠣᠨ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠦᠴᠦᠸᠠᠨ ᠰᠢᠶᠠᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠯᠠᠪᠳᠠᠭᠤᠨ ᠢᠶᠠᠷ ᠤᠬᠠᠭᠤᠯᠤᠨ ᠲᠠᠨᠢᠯᠴᠠᠭᠤᠯᠵᠤ᠂ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ ᠬᠦᠴᠦᠷᠬᠡᠭᠵᠢᠭᠦᠯᠬᠦ ᠥᠳᠬᠡᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠶ ᠪᠣᠯᠭᠠᠵᠤ᠂ ᠲᠠᠷᠢᠶᠠᠯᠠᠩ ᠢ ᠬᠠᠶᠢᠷᠠᠯᠠᠵᠤ ᠲᠠᠷᠢᠶᠠᠯᠠᠩ ᠢ ᠳᠡᠮᠵᠢᠬᠦ ᠬᠦᠴᠦᠷᠬᠡᠭ ᠶᠡᠭᠡ ᠬᠦᠴᠦᠨ ᠢ ᠪᠦᠬᠦ ᠲᠠᠯ᠎ᠠ ᠪᠠᠷ ᠨᠢᠭᠲᠠᠷᠠᠭᠤᠯᠬᠤ ᠶᠢᠨ ᠲᠥᠯᠥᠭᠡ᠂ 9 ᠰᠠᠷ᠎ᠠ ᠶᠢᠨ 12  ᠤᠨ ᠡᠳᠦᠷ᠂ ᠪᠦᠬᠦ ᠤᠯᠤᠰ ᠤᠨ ᠵᠢᠷᠭᠤᠭᠠᠳᠠᠭᠢ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠦᠴᠦᠸᠠᠨ ᠰᠢᠶᠠᠨ ᠤ ᠬᠢᠨ ᠥᠪᠥᠷ ᠮᠣᠩᠭᠤᠯ·ᠦᠴᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ᠲᠥᠮᠥᠰᠥ ᠶᠢᠨ ᠡᠯᠪᠡᠭ ᠬᠤᠷᠢᠶᠠᠯᠲᠠ ᠶᠢᠨ ᠪᠠᠶᠠᠷ ᠵᠢᠴᠢ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠠᠶᠠᠷ ᠢ ᠦᠪᠡᠳᠡᠭᠰᠢ ᠶᠡᠬᠡᠪᠡᠷ ᠶᠠᠪᠤᠭᠳᠠᠭᠤᠯᠵᠠᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠤᠳᠤᠷᠢᠳᠤᠯᠭ᠎ᠠ ᠵᠢᠴᠢ ᠦᠴᠦᠸᠠᠨ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠪᠥᠬᠦ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ᠂ ᠲᠠᠷᠢᠶᠠᠴᠢᠨ ᠤ ᠲᠥᠯᠥᠭᠡᠯᠡᠭᠴᠢ᠂ ᠵᠠᠭᠤᠴᠢᠯᠠᠭᠤᠷ ᠤᠨ ᠰᠤᠷᠪᠤᠯᠵᠢᠯᠠᠭᠴᠢ᠂ ᠰᠦᠯᠵᠢᠶᠡᠨ ᠤ ᠴᠢᠳᠠᠪᠤᠷᠢᠲᠠᠨ ᠵᠡᠷᠭᠡ ᠲᠣᠰ ᠠᠵᠢᠯᠯᠠᠭ᠎ᠠ ᠳᠤ ᠣᠷᠣᠯᠴᠠᠪᠠ᠃
           ᠡᠬᠢᠯᠡᠯᠲᠡ ᠶᠢᠨ ᠶᠣᠰᠣᠯᠠᠯ ᠤᠨ ᠲᠣᠭᠯᠠᠯᠲᠠ
         ᠰᠣᠶᠣᠯᠴᠡᠴᠡᠭ ᠭᠤᠶᠢᠳᠠ ᠰᠠᠶᠢᠬᠠᠨ ᠳᠠᠭᠤᠯᠠᠪᠠ      ᠦᠴᠦᠸᠠᠨ ᠰᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ᠂ ᠮᠤᠨᠢ ᠠᠭᠤᠯᠠ ᠶᠢᠨ ᠠᠷᠤ ᠬᠤᠷᠮᠣᠢ ᠳᠤ ᠪᠠᠶᠢᠷᠢᠯᠠᠵᠤ᠂ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠣᠶᠣᠯ ᠲᠠᠢ᠂ ᠡᠬᠢ ᠪᠠᠶᠠᠯᠢᠭ ᠡᠳ᠋ ᠭᠠᠷᠤᠯᠲᠠ ᠡᠯᠪᠡᠭ ᠳᠡᠯᠪᠡᠭ ᠪᠠᠶᠢᠳᠠᠭ᠃ ᠮᠥᠨ ᠴᠦ ᠲᠠᠷᠢᠶᠠᠯᠠᠩ ᠤᠨ ᠪᠣᠯᠪᠠᠰᠤᠨ ᠪᠠ ᠨᠡᠭᠦᠳᠡᠯ ᠮᠠᠯᠵᠢᠯ ᠤᠨ ᠪᠣᠯᠪᠠᠰᠤᠨ ᠤ ᠰᠢᠯᠵᠢᠯᠲᠡ ᠶᠢᠨ ᠪᠦᠰᠡ᠂ ᠠᠭᠤᠯᠵᠠᠷ ᠭᠠᠵᠠᠷ ᠪᠠᠶᠢᠵᠤ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠠᠯ᠎ᠠ ᠲᠠᠢ ᠶᠤᠮ᠂ ᠣᠷᠳᠣ ᠬᠤᠭᠤᠴᠠᠭᠠᠨ ᠤ ᠲᠤᠷᠰᠢ ᠦᠶ᠎ᠡ ᠦᠶ᠎ᠡ ᠶᠢᠨ ᠠᠵᠢᠯᠴᠢ ᠬᠥᠳᠡᠯᠮᠦᠷᠢᠴᠢ ᠡᠨᠡ ᠬᠦ ᠨᠤᠲᠤᠭ ᠳᠡᠪᠢᠰᠬᠡᠷ ᠳᠡᠭᠡᠷ᠎ᠡ ᠴᠢᠷᠮᠠᠶᠢᠨ ᠠᠵᠢᠯᠯᠠᠭᠰᠠᠭᠠᠷ᠂ ᠨᠣᠬᠠᠢ ᠶᠢᠨ ᠬᠤᠰᠢᠭᠤ᠂ ᠲᠥᠮᠥᠰᠥ᠂ ᠰᠢᠯᠢᠮᠳᠡᠭ᠂ ᠢᠳᠡᠰᠢᠨ ᠬᠤᠨᠢ ᠵᠡᠷᠭᠡ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠨᠢ ᠦᠶ᠎ᠡ ᠤᠯᠠᠷᠢᠨ ᠤᠯᠠᠮᠵᠢᠯᠠᠭᠳᠠᠵᠤ᠂ ᠵᠠᠭᠤᠨ ᠵᠢᠯ ᠦᠷᠭᠦᠯᠵᠢᠯᠡᠭᠰᠡᠭᠡᠷ ᠢᠷᠡᠵᠡᠶ᠃ ᠡᠷᠲᠡᠨ ᠠᠴᠠ ᠪᠠᠨ ᠠᠪᠤᠭᠠᠳ ︽ᠨᠣᠬᠠᠢ ᠶᠢᠨ ᠬᠤᠰᠢᠭᠤ ᠶᠢᠨ ᠨᠤᠲᠤᠭ︾᠂ ︽ᠲᠥᠮᠥᠰᠥ ᠶᠢᠨ ᠨᠤᠲᠤᠭ︾᠂ ︽ᠬᠤᠪᠢᠰᠬᠠᠯ ᠤᠨ ᠨᠤᠲᠤᠭ︾᠂ ︽ᠬᠠᠭᠠᠨ ᠤ ᠨᠤᠲᠤᠭ︾ ᠭᠡᠰᠡᠨ ᠴᠣᠯᠠ ᠲᠠᠢ᠃
         ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠵᠤ ᠪᠠᠶᠢᠭ᠎ᠠ      ᠲᠣᠰ ᠤᠳᠠᠭᠠᠨ ᠤ ᠠᠵᠢᠯᠯᠠᠭ᠎ᠠ ᠨᠢ ᠲᠥᠮᠥᠰᠥ ᠶᠢᠨ ᠡᠯᠪᠡᠭ ᠬᠤᠷᠢᠶᠠᠯᠲᠠ ᠳᠤ ᠰᠠᠭᠤᠷᠢᠯᠠᠨ᠂ ᠭᠠᠵᠠᠷ ᠣᠷᠣᠨ ᠤ ᠣᠨᠴᠠᠯᠢᠭ ᠢ ᠠᠭᠤᠳᠠᠯᠵᠤ᠂ ᠲᠠᠷᠢᠶᠠᠯᠠᠩ ᠤᠨ ᠳᠤᠷ᠎ᠠ ᠰᠣᠨᠢᠷᠬᠠᠯ᠂ ᠲᠠᠷᠢᠶᠠᠯᠠᠩ ᠤᠨ ᠵᠠᠩ ᠰᠤᠷᠲᠠᠯ ᠲᠠᠷᠢᠶᠠᠯᠠᠩ ᠤᠨ ᠪᠠᠶᠠᠰᠤᠯ ᠲᠠᠷᠢᠶᠠᠯᠠᠩ ᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠶᠠᠪᠤᠭᠳᠠᠪᠠ᠂ ᠲᠣᠰ ᠠᠵᠢᠯᠯᠠᠭ᠎ᠠ ᠶᠢᠨ ᠠᠭᠤᠯᠭ᠎ᠠ ᠳᠤ ᠭᠤᠣᠯᠳᠠᠭᠤ ᠲᠥᠮᠥᠰᠥ ᠬᠤᠷᠢᠶᠠᠬᠤ ᠶᠣᠰᠣᠯᠠᠯ᠂ ᠤᠷᠠᠨ ᠰᠠᠶᠢᠬᠠᠨ ᠤ ᠲᠣᠭᠯᠠᠯᠲᠠ᠂ ᠠᠵᠢᠯᠯᠠᠭ᠎ᠠ ᠶᠢᠨ ᠭᠡᠷ᠎ᠡ ᠲᠣᠭᠲᠠᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠲᠥᠮᠥᠰᠥ ᠶᠢᠨ ᠦᠪᠡᠳᠡᠭᠰᠢ ᠳᠠᠶᠢᠯᠠᠯᠭ᠎ᠠ ᠪᠠ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠷᠭᠢᠯᠡᠬᠦ ᠵᠡᠷᠭᠡ ᠠᠭᠤᠯᠭ᠎ᠠ ᠪᠠᠭᠲᠠᠨ᠎ᠠ᠃ ᠲᠣᠰ ᠤᠳᠠᠭᠠᠨ ᠤ ᠠᠵᠢᠯᠯᠠᠭ᠎ᠠ ᠨᠢ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠣᠷᠣᠨ᠂ ᠪᠥᠬᠦ ᠤᠯᠤᠰ ᠳᠠᠰᠢ ᠤᠷᠤᠭᠰᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
           ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ      ᠣᠶᠢᠷ᠎ᠠ ᠶᠢᠨ ᠵᠢᠯ ᠳᠤ᠂ ᠦᠴᠦᠸᠠᠨ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ︾ ᠭᠤᠷᠪᠠᠨ ᠶᠠᠪᠤᠳᠠᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠶᠢᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠭᠡᠭᠰᠢᠯᠡᠭᠦᠯᠬᠦ ᠪᠠᠷ ᠤᠷᠲᠤ ᠬᠤᠭᠤᠴᠠᠭ᠎ᠠ ᠴᠢᠷᠮᠠᠶᠢᠭᠠᠳ᠂ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠲᠤ ᠨᠥᠯᠥᠭᠡᠯᠡᠬᠦ ᠬᠦᠴᠦᠨ ᠲᠠᠢ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢᠨ ᠭᠠᠵᠠᠷ ᠢ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾᠂ ᠬᠦᠢᠲᠡᠨ ᠰᠡᠷᠢᠭᠦᠨ ᠢᠳᠡᠰᠢᠨ ᠨᠣᠭᠤᠭ᠎ᠠ ᠪᠠᠷ ᠭᠤᠣᠯᠳᠠᠯᠭ᠎ᠠ ᠪᠣᠯᠭᠠᠵᠤ᠂ ᠣᠳᠣᠬᠢᠴᠢᠯᠠᠯᠲᠠ ᠶᠢᠨ ᠴᠢᠭᠯᠡᠯ ᠢᠶᠠᠷ ᠦᠢᠯᠡᠳᠪᠦᠷᠢᠯᠡᠯ ᠢ ᠠᠳᠬᠤᠵᠤ᠂ ᠰᠢᠨ᠎ᠡ ᠶᠢ ᠡᠭᠦᠳᠬᠦ ᠶᠢ ᠠᠳᠬᠤᠵᠤ᠂ ᠵᠠᠬ᠎ᠠ ᠳᠡᠯᠭᠡᠭᠦᠷ ᠢ ᠠᠳᠬᠤᠵᠤ᠂ ᠨᠠᠷᠠᠲᠤ ᠲᠡᠮᠳᠡᠭᠲᠦ ᠶᠢ ᠠᠳᠬᠤᠵᠤ᠂ ᠥᠷᠯᠥᠭᠡ ᠦᠳᠡᠰᠢ ᠶᠢ ᠲᠡᠮᠡᠴᠡᠨ᠂ ᠴᠠᠭ ᠮᠥᠴᠡ ᠶᠢ ᠠᠯᠳᠠᠯ ᠦᠭᠡᠢ ᠪᠠᠷ ᠲᠤᠭ᠎ᠠ ᠬᠡᠮᠵᠢᠶ᠎ᠡ ᠶᠢ ᠥᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠭᠠᠷᠤᠯᠲᠠ ᠶᠢ ᠨᠡᠮᠡᠭᠳᠡᠭᠦᠯᠵᠦ᠂ ᠪᠣᠬᠢᠷᠲᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠪᠡ᠃ ᠢᠯᠠᠩᠭᠤᠶ᠎ᠠ ᠲᠥᠮᠥᠰᠥ ᠶᠢᠨ ᠠᠵᠤ ᠦᠢᠯᠡᠰ ᠤᠨ ᠲᠠᠯ᠎ᠠ ᠪᠠᠷ᠂ ᠨᠠᠷᠢᠯᠢᠭ ᠪᠣᠯᠪᠠᠰᠤᠷᠠᠭᠤᠯᠬᠤ ᠪᠠᠷ ᠲᠠᠷᠢᠮᠠᠯ ᠤᠨ ᠡᠭᠦᠯᠳᠡᠷ᠂ ᠲᠠᠷᠢᠮᠠᠯ ᠤᠨ ᠲᠠᠯᠠᠪᠠᠢ᠂ ᠲᠠᠷᠢᠮᠠᠯ ᠤᠨ ᠰᠠᠭᠤᠷᠢᠨ ᠭᠠᠵᠠᠷ ᠢ ᠲᠣᠭᠲᠠᠭᠠᠬᠤ ᠠᠵᠤ ᠦᠢᠯᠡᠰ ᠤᠨ ᠰᠢᠰᠲ᠋ᠧᠮ ᠢ ᠡᠮᠬᠢ ᠵᠢᠷᠤᠮ ᠲᠠᠢ ᠪᠠᠶᠢᠭᠤᠯᠵᠤ᠂ ᠭᠠᠷᠤᠯᠲᠠ ᠶᠢᠨ ᠣᠷᠣᠨ ᠢ ᠳᠡᠰ ᠬᠤᠪᠢᠶᠠᠬᠤ᠂ ᠲᠥᠪᠯᠡᠷᠡᠭᠦᠯᠦᠨ ᠬᠤᠪᠢᠶᠠᠨ ᠪᠣᠷᠣᠯᠠᠭᠤᠯᠬᠤ᠂ ᠴᠡᠪᠡᠷ ᠬᠠᠭᠠᠰ ᠪᠦᠲᠦᠭᠡᠭᠳᠡᠬᠦᠨ ᠢ ᠪᠣᠯᠪᠠᠰᠤᠷᠠᠭᠤᠯᠬᠤ ᠬᠥᠭᠵᠢᠯᠲᠡ ᠶᠢᠨ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠦᠷ᠎ᠡ ᠶᠢᠨ ᠲᠥᠮᠥᠰᠥ ᠶᠢ ᠪᠣᠶᠢᠵᠢᠭᠤᠯᠬᠤ᠂ ᠬᠡᠪᠴᠢᠶᠡᠵᠢᠭᠦᠯᠦᠨ ᠲᠠᠷᠢᠬᠤ᠂ ᠨᠠᠷᠢᠯᠢᠭ ᠪᠣᠯᠪᠠᠰᠤᠷᠠᠭᠤᠯᠬᠤ᠂ ᠪᠦᠲᠦᠭᠡᠭᠳᠡᠬᠦᠨ ᠢ ᠳᠡᠭᠡᠭᠰᠢᠯᠡᠭᠦᠯᠬᠦ᠂ ᠬᠦᠢᠲᠡᠨ ᠬᠡᠯᠬᠢᠶ᠎ᠡ ᠪᠠᠷ ᠰᠢᠭᠤᠳ ᠪᠣᠷᠣᠯᠠᠭᠤᠯᠬᠤ ᠬᠥᠭᠵᠢᠯᠲᠡ ᠶᠢᠨ ᠪᠠᠶᠢᠷᠢᠰᠢᠯ ᠢ ᠲᠣᠭᠲᠠᠭᠤᠨ ᠢᠶᠠᠷ ᠪᠦᠷᠢᠯᠳᠦᠭᠦᠯᠪᠡ᠃ ᠣᠲᠣ ᠨᠢᠭᠡᠨᠲᠡ ᠲᠥᠮᠥᠰᠥ ᠡᠳ᠋ᠰᠢᠭᠦᠯᠬᠦ ᠲᠣᠯᠣᠭᠠᠶᠢᠯᠠᠭᠴᠢ ᠠᠵᠤ ᠠᠬᠤᠶᠢᠯᠠᠯ 11 ᠶᠢ ᠪᠠᠶᠢᠭᠤᠯᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ 1᠂ ᠬᠤᠲᠠ ᠶᠢᠨ ᠲᠠᠰ ᠤᠨ 10 ᠶᠢ ᠪᠠᠶᠢᠭᠤᠯᠵᠤ᠂ ᠵᠢᠯ ᠳᠤ 30 ᠲᠦᠮᠡᠨ ᠲᠣᠨ ᠲᠥᠮᠥᠰᠥ ᠡᠳ᠋ᠰᠢᠭᠦᠯᠵᠦ᠂ ᠨᠠᠷᠢᠯᠢᠭ ᠴᠠᠷᠳᠠᠭᠤᠯ ᠤᠨ ᠭᠠᠷᠤᠯᠲᠠ ᠶᠢ 4 ᠲᠦᠮᠡᠨ ᠲᠣᠨ ᠳᠤ ᠬᠦᠷᠭᠡᠵᠦ ᠂ ᠠᠵᠤ ᠦᠢᠯᠡᠰ ᠤᠨ ᠳᠠᠪᠠᠭᠤᠯᠢᠭ ᠢ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠦᠨᠡᠨ ᠬᠦ ᠪᠡᠶᠡᠯᠡᠭᠦᠯᠪᠡ᠃
         ᠲᠤᠬᠠᠢ ᠶᠢᠨ ᠲᠠᠯᠠᠪᠤᠷ ᠲᠠᠬᠢ ᠣᠯᠠᠨ ᠲᠦᠮᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠴᠤ ᠪᠠᠶᠢᠭ᠎ᠠ
           ᠮᠢᠩᠭᠠᠨ ᠬᠥᠮᠥᠨ ᠤ ᠲᠥᠮᠥᠰᠥ ᠶᠢᠨ ᠦᠪᠡᠳᠡᠭᠰᠢ ᠳᠠᠶᠢᠯᠠᠯᠭ᠎ᠠ
           ᠲᠠᠷᠢᠶᠠᠴᠢᠨ ᠤ  ᠪᠡᠶ᠎ᠡ ᠶᠢᠨ ᠲᠠᠮᠢᠷ ᠤᠨ ᠴᠤᠭᠯᠠᠭᠠᠨ      ᠲᠤᠰ ᠤᠳᠠᠭᠠᠨ ᠤ ᠥᠪᠥᠷ ᠮᠣᠩᠭᠤᠯ·ᠦᠴᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ᠲᠥᠮᠥᠰᠥ ᠶᠢᠨ ᠡᠯᠪᠡᠭ ᠬᠤᠷᠢᠶᠠᠯᠲᠠ ᠶᠢᠨ ᠪᠠᠶᠠᠷ ᠵᠢᠴᠢ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠠᠶᠠᠷ ᠢᠶᠠᠷ ᠳᠠᠮᠵᠢᠭᠤᠯᠤᠨ᠂ ᠦᠴᠦᠸᠠᠨ ᠰᠢᠶᠠᠨ ᠤ ᠥᠪᠡᠷᠮᠢᠴᠡ ᠣᠨᠴᠠᠯᠢᠭ ᠪᠦᠬᠦᠢ ᠲᠠᠷᠢᠶᠠᠯᠠᠬᠤ ᠰᠣᠶᠣᠯ᠂ ᠠᠷᠠᠳ ᠤᠨ ᠵᠠᠩ ᠦᠢᠯᠡ ᠶᠢᠨ ᠣᠨᠴᠠᠯᠢᠭ ᠪᠠ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠤ ᠦᠢᠯᠡᠰ ᠤᠨ ᠦᠷ᠎ᠡ ᠪᠦᠲᠦᠭᠡᠯ ᠢ ᠭᠦᠢᠴᠡᠳ ᠳᠡᠯᠭᠡᠨ ᠦᠵᠡᠭᠦᠯᠵᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠨᠡᠷᠡᠲᠦ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ ᠶᠢ ᠲᠣᠭᠲᠠᠭᠤᠨ ᠢᠶᠠᠷ ᠠᠬᠢᠭᠤᠯᠵᠤ᠂ ᠪᠦᠬᠦ ᠲᠠᠯ᠎ᠠ  ᠪᠠᠷ᠂ ᠣᠯᠠᠨ ᠬᠦᠷᠢᠶᠡᠨ ᠳᠤ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠵᠤ᠂ ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ᠂ ᠠᠯᠳᠠᠷᠰᠢᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠲᠣᠭᠲᠠᠭᠤᠨ ᠢᠶᠠᠷ ᠠᠬᠢᠭᠤᠯᠵᠤ᠂ ᠥᠨᠳᠦᠷᠯᠢᠭ ᠤᠨ ᠣᠨᠴᠠᠯᠢᠭᠲᠤ ᠰᠢᠨ᠎ᠡ ᠦᠷ᠎ᠡ ᠪᠦᠲᠦᠭᠡᠯ ᠢ ᠨᠠᠩ ᠣᠯᠠᠨ ᠠᠵᠢᠯ ᠲᠥᠷᠥᠯ᠂ ᠨᠠᠩ ᠥᠷᠭᠡᠨ ᠬᠦᠷᠢᠶ᠎ᠡ᠂ ᠨᠠᠩ ᠶᠡᠭᠡ ᠬᠡᠪᠴᠢᠶᠡᠨ ᠳᠤ ᠬᠦᠷᠲᠡᠭᠡᠵᠦ᠂ ᠥᠨᠳᠦᠷᠯᠢᠭ ᠤᠨ ᠣᠨᠴᠠᠯᠢᠭᠲᠤ ᠨᠠᠷᠠᠲᠤ ᠲᠡᠮᠳᠡᠭ ᠤᠨ ᠦᠷ᠎ᠡ ᠪᠦᠲᠦᠭᠡᠯ ᠢ ᠨᠠᠩ ᠪᠦᠷᠢᠨ ᠲᠡᠭᠦᠯᠳᠡᠷ᠂ ᠨᠠᠩ ᠪᠥᠬᠦ ᠲᠠᠯ᠎ᠠ ᠶᠢᠨ᠂ ᠨᠠᠩ ᠰᠢᠯᠢᠳᠡᠭ ᠪᠣᠯᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号