2023 ᠣᠨ ᠤ 9 ᠳ᠋ᠦ᠋ᠭᠡᠷ ᠰᠠᠷ᠎ᠠ ᠶᠢᠨ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠬᠥᠮᠦᠰ ᠢ ᠲᠦᠪᠯᠡᠷᠡᠭᠦᠯᠤᠨ ᠠᠰᠠᠷᠠᠨ ᠰᠤᠪᠢᠯᠠᠬᠤ ᠮᠥᠩᠭᠦ ᠶᠢ ᠳᠣᠷᠣᠭᠰᠢ ᠪᠠᠭᠤᠯᠭᠠᠬᠤ ᠲᠤᠬᠠᠶ ᠦᠴᠤᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠮᠡᠳᠡᠭᠳᠡᠯ
ᠨᠡᠶᠢᠲᠡᠯᠡᠭᠰᠡᠨ ᠴᠠᠭ᠄
2023/9/14
ᠦᠴᠤᠸᠠᠨ ᠰᠢᠶᠠᠨ ᠤ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ᠄      ︽ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠠᠷᠠᠳ ᠲᠠᠷᠬᠠᠭᠠᠭᠰᠠᠨ ︹2021︺ 43 ᠳ᠋ᠤᠭᠠᠷ ᠲᠣᠭᠠᠲᠤ︶ ︽ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠬᠦ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹2017︺ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠡᠮᠵᠢᠨ᠂ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠪᠠᠷ ᠲᠥᠪᠯᠡᠷᠡᠨ ᠰᠠᠭᠤᠵᠤ ᠪᠠᠶᠢᠭ᠎ᠠ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠴᠢᠳᠠᠪᠤᠷᠢ ᠪᠠᠨ ᠠᠯᠳᠠᠭᠰᠠᠨ ᠬᠥᠮᠥᠰ ᠢ ᠬᠠᠷᠠᠭᠠᠯᠵᠠᠨ ᠠᠰᠠᠷᠠᠬᠤ ᠠᠵᠢᠯ ᠢ ᠬᠠᠷᠢᠭᠤᠴᠠᠭᠤᠯᠬᠤ ᠪᠠᠷ ᠲᠣᠭᠲᠠᠪᠠ᠃      ᠴᠢᠳᠠᠪᠤᠷᠢ ᠪᠠᠨ ᠬᠠᠭᠠᠰ ᠠᠯᠳᠠᠭᠰᠠᠨ ᠣᠨᠴᠠ ᠬᠦᠴᠢᠷᠳᠡᠯᠲᠡᠶ ᠬᠥᠮᠦᠰ ᠤᠨ ᠰᠤᠪᠢᠯᠠᠯᠲᠠ ᠶᠢᠨ ᠵᠠᠷᠤᠳᠠᠯ ᠬᠥᠮᠥᠨ ᠪᠦᠷᠢ 496 ᠲᠥᠭᠦᠷᠢᠭ / ᠰᠠᠷ᠎ᠠ᠂ ᠴᠢᠳᠠᠪᠤᠷᠢ ᠪᠠᠨ ᠪᠦᠷᠢᠨ ᠠᠯᠳᠠᠭᠰᠠᠨ ᠣᠨᠴᠠ ᠬᠦᠴᠢᠷᠳᠡᠯᠲᠡᠶ ᠬᠥᠮᠦᠰ ᠤᠨ ᠰᠤᠪᠢᠯᠠᠯᠲᠠ ᠶᠢᠨ ᠵᠠᠷᠤᠳᠠᠯ ᠬᠥᠮᠥᠨ ᠪᠦᠷᠢ 1265 ᠲᠥᠭᠦᠷᠢᠭ / ᠰᠠᠷ᠎ᠠ ᠶᠢᠨ ᠠᠰᠠᠷᠠᠨ ᠰᠤᠪᠢᠯᠠᠬᠤ ᠪᠠᠷᠢᠮᠵᠢᠶ᠎ᠠ ᠪᠠᠷ᠂ ᠣᠲᠣ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ 2023 ᠣᠨ ᠤ 9 ᠳ᠋ᠦ᠋ᠭᠡᠷ ᠰᠠᠷ᠎ᠠ ᠶᠢᠨ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠬᠥᠮᠦᠰ ᠢ ᠲᠦᠪᠯᠡᠷᠡᠭᠦᠯᠤᠨ ᠠᠰᠠᠷᠠᠨ ᠰᠤᠪᠢᠯᠠᠬᠤ ᠨᠥᠬᠦᠪᠥᠷᠢ ᠮᠥᠩᠭᠦ ᠶᠢ ᠪᠠᠭᠤᠯᠭᠠᠬᠤ ᠪᠠᠷ ᠲᠣᠭᠲᠠᠪᠠ᠂ ᠮᠠᠭᠠᠳᠯᠠᠨ ᠲᠣᠭᠲᠠᠭᠠᠵᠤ ᠬᠢᠨᠠᠨ ᠬᠠᠷᠭᠤᠭᠤᠯᠬᠤ ᠪᠠᠷ ᠳᠠᠮᠵᠢᠨ 2023 ᠣᠨ ᠤ 9 ᠳ᠋ᠦ᠋ᠭᠡᠷ ᠰᠠᠷ᠎ᠠ ᠳᠤ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ ᠬᠥᠳᠡᠭᠡ ᠲᠣᠰᠬᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠴᠢᠳᠠᠪᠤᠷᠢ ᠪᠠᠨ ᠪᠦᠷᠢᠨ ᠠᠯᠳᠠᠭᠰᠠᠨ 50 ᠬᠥᠮᠦᠨ᠂ ᠴᠢᠳᠠᠪᠤᠷᠢ ᠪᠠᠨ ᠬᠠᠭᠠᠰ ᠠᠯᠳᠠᠭᠰᠠᠨ 38 ᠬᠥᠮᠦᠨ᠂ 2023 ᠣᠨ ᠤ 9 ᠳ᠋ᠦ᠋ᠭᠡᠷ ᠰᠠᠷ᠎ᠠ ᠳᠤ ᠬᠥᠳᠡᠭᠡ ᠲᠣᠰᠬᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠴᠢᠳᠠᠪᠤᠷᠢ ᠪᠠᠨ ᠠᠯᠳᠠᠭᠰᠠᠨ ᠨᠡᠶᠢᠲᠡ 88 ᠬᠥᠮᠦᠨ ᠪᠠᠶᠢᠵᠤ᠂ ᠰᠤᠪᠢᠯᠠᠯᠲᠠ ᠶᠢᠨ ᠨᠥᠬᠦᠪᠥᠷᠢ ᠮᠥᠩᠭᠦ ᠨᠡᠶᠢᠲᠡ 82098 ᠲᠥᠭᠦᠷᠢᠭ᠂ ᠠᠯᠢ ᠲᠦᠷᠭᠡᠨ ᠢᠶᠠᠷ ᠲᠦᠭᠡᠭᠡᠵᠦ ᠳᠠᠭᠤᠰᠬᠠᠭᠠᠷᠠᠢ᠃                                             ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                                              2023 ᠣᠨ ᠤ 8 ᠰᠠᠷ᠎ᠠ ᠶᠢᠨ 30 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号