ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠦᠭᠦ ᠣᠷᠣᠨ ᠳᠤ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠢᠳᠡᠭᠡᠨ ᠤ ᠡᠵᠡᠩᠨᠡᠯᠲᠡ ᠶᠢᠨ ᠳᠡᠯᠭᠡᠭᠦᠷ ᠤᠨ ᠵᠢᠷᠤᠮᠵᠢᠬᠰᠠᠨ ᠪᠠᠶᠢᠭᠤᠯᠤᠯᠲᠠ ᠶᠢ ᠴᠢᠩᠭᠠᠳᠬᠠᠵᠤ᠂ ᠢᠳᠡᠭᠡᠨ ᠤ | ᠠᠮᠤᠷ ᠲᠦᠪᠰᠢᠨ ᠢ ᠦᠨᠡᠨ ᠬᠦ ᠪᠠᠲᠤᠯᠠᠵᠤ ᠪᠠᠶᠢᠨ᠎ᠠ᠃ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤᠮᠳᠠ᠂ ᠰᠤᠯᠠ ᠢᠳᠡᠭᠡᠨ᠂ ᠠᠷᠢᠬᠢ ᠤᠮᠳᠠᠭᠠᠨ᠂ ᠬᠡᠦᠬᠡᠳ ᠤᠨ | ᠢᠳᠡᠭᠡᠨ᠂ ᠠᠮᠲᠠ ᠣᠷᠣᠭᠤᠯᠬᠤ ᠡᠳ᠋᠂ ᠴᠠᠭᠠᠨ ᠢᠳᠡᠭᠡᠨ᠂ ᠤᠯᠠᠭᠠᠨ ᠢᠳᠡᠭᠡᠨ᠂ ᠬᠥᠯᠳᠡᠭᠡᠭᠰᠡᠨ ᠢᠳᠡᠭᠡᠨ᠂ ᠰᠤᠯᠠ | ᠰᠠᠪᠠᠯᠠᠭᠰᠠᠨ ᠢᠳᠡᠭᠡᠨ ︵ᠰᠤᠯᠠ ᠰᠠᠪᠠᠯᠠᠭᠰᠠᠨ ᠠᠷᠢᠬᠢ︶᠂ ᠬᠡᠪ ᠤᠨ ᠴᠠᠢ᠂ ᠣᠷᠣᠨ ᠨᠤᠲᠤᠭ ᠤᠨ ᠣᠨᠴᠠᠯᠢᠭᠲᠤ | ᠢᠳᠡᠭᠡᠨ ᠵᠡᠷᠭᠡ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠬᠡᠮᠵᠢᠶ᠎ᠡ ᠪᠠᠷ ᠶᠡᠭᠡ ᠢᠳᠡᠭᠡᠨ ᠢᠶᠠᠷ ᠭᠤᠣᠯᠳᠠᠯᠭ᠎ᠠ | ᠲᠠᠢ ᠲᠥᠷᠥᠯ ᠵᠦᠢᠯ ᠪᠣᠯᠭᠠᠪᠠ᠃ ᠪᠠᠶᠢᠴᠠᠭᠠᠯᠲᠠ ᠳᠤ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤᠮᠳᠠᠭᠠᠨ | ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠵᠢᠴᠢ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ᠂ ᠬᠥᠳᠡᠭᠡ | ᠲᠣᠰᠬᠤᠨ ᠤ ᠴᠤᠭᠯᠠᠭ᠎ᠠ ᠮᠠᠶᠢᠮᠠᠢ᠂ ᠬᠤᠲᠠ ᠬᠥᠳᠡᠭᠡ ᠶᠢᠨ ᠠᠭᠤᠯᠵᠠᠷ ᠬᠡᠰᠡᠭ᠂ ᠰᠤᠷᠭᠠᠭᠤᠯᠢ ᠶᠢᠨ ᠬᠦᠷᠢᠶᠡᠨ ᠤ | ᠡᠷᠭᠢᠨ ᠲᠣᠭᠤᠷᠢᠨ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ ᠤ ᠳᠡᠯᠭᠡᠭᠦᠷ ᠤᠨ | ᠡᠵᠡᠩᠨᠡᠭᠴᠢ ᠳᠤ ᠬᠠᠨᠳᠤᠭᠤᠯᠤᠨ᠂ ᠵᠢᠵᠢᠭ ᠦᠢᠯᠡᠳᠬᠡᠯ ᠤᠨ ᠭᠠᠵᠠᠷ᠂ ᠰᠤᠯᠠ ᠢᠳᠡᠭᠡᠨ ᠤ ᠳᠡᠯᠭᠡᠭᠦᠷ᠂ ᠵᠢᠵᠢᠭ | ᠳᠡᠯᠭᠡᠭᠦᠷᠴᠢᠨ ᠵᠡᠷᠭᠡ ᠪᠠᠷ ᠭᠤᠣᠯ ᠴᠣᠭᠴᠠ ᠪᠤᠯᠭᠠᠵᠤ᠂ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ᠂ ᠰᠤᠭᠤᠴᠢᠨ | ᠪᠠᠶᠢᠴᠠᠭᠠᠵᠤ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠲᠦᠭᠰᠢᠭᠦᠷᠢ ᠶᠢᠨ ᠳᠠᠯᠳᠠ ᠭᠡᠮ ᠤᠨ ᠨᠠᠷᠢᠨ ᠳᠠᠩᠰᠠ | ᠶᠢ ᠪᠦᠭᠦ ᠲᠠᠯ᠎ᠠ ᠪᠠᠷ ᠡᠮᠬᠢᠯᠡᠨ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠱᠠᠯᠠᠪᠳᠠᠭᠤᠯᠵᠤ ᠲᠦᠭᠰᠢᠭᠦᠷᠢ | ᠶᠢᠨ ᠳᠠᠯᠳᠠ ᠭᠡᠮ ᠢ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠦᠨ᠂ ᠡᠵᠡᠩᠨᠡᠯᠲᠡ | ᠶᠢᠨ ᠭᠤᠣᠯ ᠴᠣᠭᠴᠠ ᠶᠢᠨ ᠲᠦᠭᠰᠢᠭᠦᠷᠢ ᠶᠢᠨ ᠳᠠᠯᠳᠠ ᠭᠡᠮ ᠢ ᠬᠢᠨᠠᠯᠲᠠ ᠲᠠᠯᠪᠢᠵᠤ ᠪᠠᠶᠢᠴᠠᠭᠠᠬᠤ ᠭᠤᠣᠯᠳᠠᠯᠭ᠎ᠠ | ᠪᠤᠯᠭᠠᠵᠤ᠂ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠵᠢᠴᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ | ᠶᠢ ᠴᠢᠩᠭᠠᠳᠬᠠᠨ᠂ ᠠᠶᠤᠯ ᠲᠦᠭᠰᠢᠭᠦᠷᠢ ᠶᠢᠨ ᠳᠠᠯᠳᠠ ᠭᠡᠮ ᠢ ᠠᠷᠢᠯᠭᠠᠵᠤ᠂ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠠᠰᠠᠯᠲᠠ ᠶᠢᠨ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭᠠᠨ ᠤ | ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ ᠪᠦᠷᠢ ᠵᠢᠯ ᠳᠤ ᠠᠳᠠᠭ ᠲᠠᠭᠠᠨ ᠨᠢᠭᠡ ᠵᠢᠷᠤᠮᠵᠢᠬᠰᠠᠨ | ᠡᠵᠡᠩᠨᠡᠯᠲᠡ ᠶᠢᠨ ᠳᠡᠯᠭᠡᠭᠦᠷ ᠪᠠᠶᠢᠭᠤᠯᠬᠤ ᠶᠢ ᠪᠠᠲᠤᠯᠠᠵᠤ᠂ ᠠᠭᠠᠵᠢᠮ ᠢᠶᠠᠷ ᠪᠦᠭᠦ ᠲᠠᠯ᠎ᠠ ᠪᠠᠷ ᠵᠢᠷᠤᠮᠵᠢᠭᠤᠯᠬᠤ | ᠬᠠᠷᠠᠯᠲᠠ ᠶᠢ ᠪᠡᠶᠡᠯᠡᠭᠦᠯᠬᠦ ᠪᠣᠯᠣᠨ᠎ᠠ᠃ |