- ᠠᠷᠠᠳ ᠤᠨ ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠷᠠᠳ ᠤᠨ ᠶᠠᠪᠤᠳᠠᠯ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠶᠠᠷᠢᠭᠰᠠᠨ ᠨᠢ | | | ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ᠂ ᠠᠷᠠᠳ ᠤᠨ | ᠰᠡᠳᠬᠢᠯ ᠲᠠᠢ ᠬᠤᠯᠪᠣᠯᠳᠤᠵᠤ᠂ ᠨᠡᠶᠢᠭᠡᠮ ᠤᠨ ᠪᠠᠶᠢᠭᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ | ᠰᠠᠭᠤᠷᠢᠯᠠᠬᠤ ᠴᠢᠨᠠᠷᠲᠠᠢ ᠠᠵᠢᠯ ᠪᠣᠯᠣᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ | ᠭᠡᠷ ᠤᠨ 12 ᠤᠨ ᠡᠳᠦᠷ ᠬᠤᠷᠠᠯᠳᠤᠭᠤᠯᠤᠭᠰᠠᠨ︽ᠡᠷᠬᠡ ᠰᠦᠷᠲᠦ ᠰᠠᠯᠠᠭ᠎ᠠ ᠮᠥᠴᠢᠷ ᠡᠭᠢᠯᠡᠯᠲᠡ ᠶᠢᠨ ᠲᠤᠬᠠᠢ | ᠶᠠᠷᠢᠬᠤᠢ︾ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠠᠷᠠᠳ ᠤᠨ ᠶᠠᠪᠤᠳᠠᠯ ᠤᠨ | ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠷᠠᠳ ᠤᠨ ᠶᠠᠪᠤᠳᠠᠯ ᠤᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠣᠭᠤᠷᠢᠨ ᠳᠤ ᠪᠠᠶᠢᠳᠠᠯ ᠢᠶᠠᠨ ᠲᠠᠨᠢᠯᠴᠠᠭᠤᠯᠤᠭᠰᠠᠨ ᠪᠥᠭᠡᠳ | ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃ | ᠡᠨᠡ ᠵᠢᠯ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠶᠢ | ᠥᠷᠭᠡᠳᠬᠡᠬᠦ ᠵᠡᠷᠭᠡ ᠦᠨᠳᠦᠰᠦᠨ ᠵᠦᠢᠯ ᠢ ᠪᠠᠲᠤᠯᠠᠬᠤ ᠠᠵᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ | ᠣᠨᠴᠠ ᠬᠦᠴᠢᠷᠳᠡᠯᠲᠡᠢ ᠣᠯᠠᠨ ᠲᠦᠮᠡᠨ ᠢ ᠣᠨᠴᠠᠭᠠᠶᠢᠯᠠᠨ ᠠᠩᠬᠠᠷᠴᠤ᠂ ᠣᠨᠴᠠᠭᠠᠶᠢᠯᠠᠨ ᠬᠠᠯᠠᠮᠵᠢᠯᠠᠵᠤ᠂ | ᠣᠨᠴᠠᠭᠠᠶᠢᠯᠠᠨ ᠬᠠᠷᠠᠭᠠᠯᠵᠠᠬᠤ ᠬᠡᠷᠡᠭᠲᠡᠢ᠃ | ᠠᠷᠠᠳ ᠤᠨ ᠶᠠᠪᠤᠳᠠᠯ ᠤᠨ ᠶᠠᠮᠤᠨ ᠤ ᠰᠠᠶᠢᠳ ᠲᠠᠩ ᠳ᠋ᠧᠩ ᠵᠢᠶᠧ ᠰᠣᠨᠢᠨ ᠮᠡᠳᠡᠭᠡ ᠨᠡᠶᠢᠲᠡᠯᠡᠬᠦ ᠬᠤᠷᠠᠯ | ᠳᠡᠭᠡᠷ᠎ᠡ᠂ ᠠᠷᠠᠳ ᠤᠨ ᠶᠠᠪᠤᠳᠠᠯ ᠤᠨ ᠶᠠᠮᠤᠨ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ | ᠪᠠᠴᠢᠮ ᠪᠠᠶᠢᠳᠠᠯ ᠪᠠ ᠬᠦᠴᠢᠷᠳᠡᠯ ᠠᠴᠠ ᠠᠪᠤᠷᠠᠬᠤ᠂ ᠦᠷᠭᠦᠯᠵᠢᠯᠡᠬᠦ ᠴᠢᠭᠯᠡᠯᠲᠡ ᠶᠢ ᠪᠠᠷᠢᠮᠲᠠᠯᠠᠨ᠂ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠯᠲᠠ᠂ ᠲᠤᠰᠬᠠᠢ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ᠂ ᠪᠠᠴᠢᠮ ᠪᠠᠶᠢᠳᠠᠯ | ᠪᠠ ᠬᠦᠴᠢᠷᠳᠡᠯ ᠤᠨ ᠨᠡᠶᠢᠭᠡᠮ ᠤᠨ ᠠᠪᠤᠷᠠᠨ ᠲᠤᠰᠠᠯᠠᠯᠲᠠ ᠪᠠᠷ ᠭᠤᠣᠯ ᠴᠣᠭᠴᠠ ᠪᠤᠯᠭᠠᠵᠤ᠂ ᠨᠡᠶᠢᠭᠡᠮ ᠤᠨ ᠬᠦᠴᠦᠨ | ᠣᠷᠤᠯᠴᠠᠬᠤ ᠪᠠᠷ ᠨᠥᠬᠦᠪᠦᠷᠢ ᠪᠤᠯᠭᠠᠬᠰᠠᠨ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠵᠦ᠂ ᠣᠨᠴᠠ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠠᠮᠢᠳᠤᠷᠠᠯ ᠢ ᠪᠠᠲᠤᠯᠠᠨ᠎ᠠ ᠭᠡᠵᠦ ᠢᠯᠡᠳᠬᠡᠪᠡ᠃ | ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠠᠪᠤᠷᠠᠨ ᠲᠤᠰᠠᠯᠠᠬᠤ ᠵᠤᠷᠭᠠᠨ ᠤ ᠳᠠᠷᠤᠭ᠎ᠠ ᠯᠢᠦ ᠰᠢ | ᠲᠠᠩ᠂ ᠮᠠᠨ ᠤ ᠤᠯᠤᠰ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠢ ᠦᠨᠳᠦᠰᠦᠯᠡᠨ ᠠᠪᠤᠷᠠᠨ | ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ᠂ ᠡᠨᠡ ᠵᠢᠯ ᠤᠨ 6 | ᠰᠠᠷ᠎ᠠ ᠶᠢᠨ ᠡᠴᠦᠰ ᠪᠤᠯᠲᠠᠯ᠎ᠠ᠂ ᠪᠦᠭᠦ ᠤᠯᠤᠰ ᠤᠨ ᠬᠤᠲᠠ ᠪᠠ ᠬᠥᠳᠡᠭᠡ ᠲᠣᠰᠬᠤᠨ ᠤ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 4. | 8% ᠪᠠ 8.5% ᠪᠠᠷ ᠨᠡᠮᠡᠭᠳᠡᠪᠡ᠃ ᠡᠨᠡ ᠵᠢᠯ ᠤᠨ 1 ᠰᠠᠷ᠎ᠠ ᠠᠴᠠ 6 ᠰᠠᠷ᠎ᠠ ᠪᠤᠯᠲᠠᠯ᠎ᠠ᠂ ᠪᠦᠭᠦ ᠤᠯᠤᠰ ᠲᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ ᠢ ᠲᠤᠰᠠᠯᠠᠬᠤ ᠪᠠ ᠲᠦᠷ ᠴᠠᠭ ᠤᠨ ᠠᠪᠤᠷᠠᠨ | ᠲᠤᠰᠠᠯᠠᠬᠤ ᠪᠡᠯᠡ ᠮᠥᠩᠭᠦ ᠶᠢ ᠨᠡᠶᠢᠲᠡ 1265 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠨᠡᠯᠢᠶᠡᠳ ᠰᠠᠶᠢᠨ ᠪᠠᠲᠤᠯᠠᠵᠠᠢ ᠭᠡᠵᠦ ᠲᠠᠨᠢᠯᠴᠠᠭᠤᠯᠪᠠ᠃ | ᠯᠢᠦ ᠰᠢ ᠲᠠᠩ ᠪᠠᠰᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠭᠦᠷᠳᠡᠭᠦ ᠳᠤ | ᠬᠠᠪᠢᠳᠠᠭᠰᠠᠨ ᠭᠡᠷ ᠪᠦᠯᠢ ᠶᠢᠨ ᠬᠥᠮᠥᠰ᠂ ᠬᠠᠲᠠᠭᠤ ᠵᠠᠷᠤᠯᠭ᠎ᠠ ᠶᠢᠨ ᠬᠦᠴᠢᠷᠳᠡᠯ ᠲᠠᠢ ᠭᠡᠷ ᠪᠦᠯᠢ ᠶᠢᠨ ᠬᠥᠮᠥᠰ᠂ | ᠠᠮᠠᠷᠬᠠᠨ ᠳᠠᠭᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠥᠰ ᠵᠢᠴᠢ ᠲᠤᠬᠠᠢ ᠶᠢᠨ ᠭᠠᠵᠠᠷ ᠤᠨ ᠵᠠᠰᠠᠭ ᠤᠨ | ᠣᠷᠳᠣᠨ ᠠᠴᠠ ᠬᠢᠨᠠᠨ ᠲᠣᠭᠲᠠᠭᠠᠭᠰᠠᠨ ᠪᠤᠰᠤᠳ ᠬᠦᠴᠢᠷᠳᠡᠯᠲᠡᠢ ᠬᠥᠮᠥᠰ ᠢ ᠬᠥᠳᠡᠯᠦᠩᠭᠦᠢ ᠬᠢᠨᠠᠨ ᠬᠡᠮᠵᠢᠬᠦ | ᠬᠡᠪᠴᠢᠶᠡᠨ ᠳᠤ ᠣᠷᠣᠭᠤᠯᠬᠤ ᠶᠢᠨ ᠬᠠᠮᠲᠤ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠪᠠ ᠪᠦᠲᠦᠭᠡᠨ | ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ ᠤ ᠡᠪᠯᠡᠯ᠂ ᠵᠡᠮᠳᠡᠭᠴᠦᠳ ᠤᠨ | ᠬᠤᠯᠪᠤᠭ᠎ᠠ ᠵᠡᠷᠭᠡ ᠰᠠᠯᠠᠭ᠎ᠠ ᠮᠥᠴᠢᠷ᠂ ᠪᠠᠶᠢᠭᠤᠯᠤᠮᠵᠢ ᠯᠤᠭ᠎ᠠ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠᠨ ᠴᠢᠩᠭᠠᠳᠬᠠᠵᠤ᠂ ᠲᠠᠰ ᠳᠠᠪᠬᠤᠷᠭ᠎ᠠ ᠬᠤᠪᠢᠶᠠᠨ ᠲᠥᠷᠥᠯ | ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠳᠤ ᠲᠤᠯᠭᠠᠭᠤᠷᠢᠯᠠᠯ ᠬᠠᠩᠭᠠᠨ᠎ᠠ | ᠭᠡᠵᠦ ᠢᠯᠡᠳᠬᠡᠪᠡ᠃ | ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠲᠠᠩ ᠳ᠋ᠧᠩ ᠵᠢᠶᠧ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠶᠢ ᠥᠷᠭᠡᠳᠬᠡᠬᠦ ᠶᠢ ᠭᠤᠣᠯᠳᠠᠯᠭ᠎ᠠ ᠲᠠᠢ | ᠠᠬᠢᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠦᠷᠳᠡᠭᠦ ᠳᠤ ᠬᠠᠪᠢᠳᠠᠭᠰᠠᠨ ᠬᠥᠮᠥᠨ ᠠᠮᠠ᠂ | ᠵᠠᠷᠤᠯᠭ᠎ᠠ ᠶᠢᠨ ᠲᠠᠯ᠎ᠠ ᠪᠠᠷ ᠬᠦᠴᠢᠷᠳᠡᠯᠲᠡᠢ ᠬᠥᠮᠥᠨ ᠠᠮᠠ ᠶᠢ ᠠᠪᠤᠷᠠᠨ ᠲᠤᠰᠠᠯᠠᠬᠤ ᠶᠢ ᠴᠢᠩᠭᠠᠳᠬᠠᠵᠤ᠂ ᠪᠠᠴᠢᠮ | ᠪᠠᠶᠢᠳᠠᠯ ᠪᠠ ᠬᠦᠴᠢᠷᠳᠡᠯ ᠲᠠᠢ ᠪᠠᠶᠢᠳᠠᠯ ᠡᠭᠦᠰᠦᠭᠰᠡᠨ ᠲᠤᠬᠠᠢ ᠶᠢᠨ ᠭᠠᠵᠠᠷ ᠣᠷᠣᠨ ᠠᠴᠠ ᠲᠦᠷ ᠴᠠᠭ ᠤᠨ ᠠᠪᠤᠷᠠᠨ | ᠲᠤᠰᠠᠯᠠᠮᠵᠢ ᠬᠠᠩᠭᠠᠬᠤ ᠶᠢ ᠠᠬᠢᠭᠤᠯᠵᠤ᠂ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠪᠠ ᠨᠢᠭᠦᠯᠡᠰᠦᠩᠭᠦᠢ ᠶᠢᠨ | ᠦᠢᠯᠡᠰ ᠤᠨ ᠬᠠᠪᠰᠤᠷᠤᠨ ᠲᠡᠳᠬᠦᠬᠦ ᠶᠢ ᠪᠦᠲᠦᠮᠵᠢᠲᠡᠶ ᠵᠣᠯᠭᠠᠭᠤᠯᠬᠤ ᠲᠣᠭᠲᠠᠴᠠ ᠵᠡᠷᠭᠡ ᠶᠢ ᠪᠠᠶᠢᠭᠤᠯᠤᠨ᠎ᠠ ᠭᠡᠵᠦ | ᠢᠯᠡᠳᠬᠡᠪᠡ᠃ | ᠡᠯ᠎ᠡ ᠭᠠᠵᠠᠷ ᠤᠨ ᠮᠤᠵᠢ ᠶᠢᠨ ᠲᠡᠰ ᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠳᠦᠷᠢᠮ ᠤᠨ ᠵᠢᠷᠤᠭ ᠲᠥᠯᠥᠪᠯᠡᠭᠡ ᠶᠢ ᠰᠠᠶᠢᠲᠤᠷ ᠬᠢᠬᠦ ᠶᠢ ᠱᠠᠯᠠᠪᠳᠠᠭᠤᠯᠤᠨ ᠵᠢᠯᠣᠭᠤᠳᠤᠨ᠎ᠠ | ᠡᠨᠡ ᠵᠢᠯ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠨᠠᠰᠤᠵᠢᠯ ᠤᠨ ᠠᠵᠢᠯ ᠤᠨ | ᠪᠠᠶᠢᠭᠤᠯᠤᠯ ᠢ ᠲᠡᠭᠦᠯᠳᠡᠷᠵᠢᠭᠦᠯᠵᠦ᠂ ᠬᠥᠮᠥᠨ ᠠᠮᠠ ᠶᠢᠨ ᠨᠠᠰᠤᠵᠢᠯᠳᠠ ᠶᠢ ᠠᠷᠭᠠᠴᠠᠭᠠᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠵᠡᠷᠭᠡ ᠲᠤᠰᠢᠶᠠᠯ ᠬᠠᠷᠢᠭᠤᠴᠠᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ | ᠵᠣᠬᠢᠴᠠᠭᠤᠯᠤᠨ ᠨᠠᠶᠢᠳᠠᠪᠤᠷᠢᠵᠢᠭᠤᠯᠵᠤ ᠠᠷᠠᠳ ᠤᠨ ᠶᠠᠪᠤᠳᠠᠯ ᠤᠨ ᠶᠠᠮᠤᠨ ᠳᠤ ᠬᠤᠪᠢᠶᠠᠷᠢᠯᠠᠨ ᠣᠷᠣᠭᠤᠯᠪᠠ᠃ | ᠲᠠᠩ ᠳ᠋ᠧᠩ ᠵᠢᠶᠧ᠂ ᠠᠷᠠᠳ ᠤᠨ ᠶᠠᠪᠤᠳᠠᠯ ᠤᠨ ᠶᠠᠮᠤᠨ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ | ᠴᠣᠩᠬᠤᠪᠴᠢ ᠶᠢᠨ ᠠᠵᠠ ᠲᠣᠬᠢᠶᠠᠯᠳᠤ ᠬᠤᠭᠤᠴᠠᠭ᠎ᠠ ᠶᠢ ᠴᠢᠩᠭ᠎ᠠ ᠠᠳᠬᠤᠵᠤ᠂ ᠨᠠᠰᠤᠵᠢᠯ ᠤᠨ ᠠᠰᠠᠷᠠᠮᠵᠢ ᠶᠢᠨ | ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠳᠤᠮᠳᠠᠳᠤ | ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ ᠠᠷᠭᠠᠴᠠᠭᠠᠬᠤ | ᠳᠤᠮᠳᠠᠳᠤ ᠤᠯᠤᠰ ᠤᠨ ᠣᠨᠴᠠᠯᠢᠭ ᠲᠠᠢ ᠵᠠᠮ ᠢ ᠴᠢᠷᠮᠠᠶᠢᠨ ᠨᠡᠭᠡᠭᠡᠨ᠎ᠡ ᠭᠡᠵᠦ ᠢᠯᠡᠳᠬᠡᠪᠡ᠃ | ᠡᠨᠡ ᠵᠢᠯ ᠤᠨ 5 ᠰᠠᠷ᠎ᠠ ᠳᠤ᠂ ᠤᠯᠤᠰ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠨᠠᠷᠢᠨ ᠳᠠᠩᠰᠠ ᠶᠢ ᠢᠯᠡ ᠪᠠᠷ ᠨᠡᠶᠢᠲᠡᠯᠡᠪᠡ᠃ | ᠠᠷᠠᠳ ᠤᠨ ᠶᠠᠪᠤᠳᠠᠯ ᠤᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠤᠷᠭᠠᠨ ᠤ ᠳᠠᠷᠤᠭ᠎ᠠ | ᠢᠦᠢ ᠵᠢᠶᠠᠨ ᠯᠢᠶᠠᠩ᠂ ᠪᠦᠭᠦ ᠨᠠᠰᠤᠲᠠᠶᠢᠴᠤᠳ ᠲᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠡᠳ᠋ᠯᠡᠭᠦᠯᠭᠦ ᠶᠢ ᠠᠬᠢᠭᠤᠯᠬᠤ ᠶᠢᠨ ᠲᠥᠯᠥᠭᠡ᠂ ᠠᠷᠠᠳ ᠤᠨ ᠶᠠᠪᠤᠳᠠᠯ ᠤᠨ ᠶᠠᠮᠤᠨ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ 2023 ᠣᠨ ᠤ ᠬᠥᠮᠥᠨ ᠠᠮᠠ ᠶᠢᠨ ᠨᠠᠰᠤᠵᠢᠯᠳᠠ ᠶᠢ ᠢᠳᠡᠪᠬᠢᠲᠡᠢ | ᠠᠷᠭᠠᠴᠠᠭᠠᠬᠤ ᠢᠨᠵᠧᠨᠧᠷᠢᠩ ᠢ ᠬᠡᠷᠡᠭᠵᠢᠭᠦᠯᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ | ᠲᠣᠬᠢᠷᠠᠭᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ; ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ 2023 ᠣᠨ ᠤ ᠭᠡᠷ ᠲᠡᠭᠡᠨ | ᠨᠠᠰᠤᠵᠢᠯ ᠤᠨ ᠠᠰᠠᠷᠠᠮᠵᠢ ᠭᠦᠷᠳᠡᠭᠦ ᠪᠠ ᠨᠡᠶᠢᠭᠡᠮ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠣᠨᠴᠠ | ᠬᠦᠴᠢᠷᠳᠡᠯᠲᠡᠢ ᠪᠡᠶ᠎ᠡ ᠪᠠᠨ ᠳᠠᠭᠠᠭᠠᠵᠤ ᠠᠮᠢᠳᠤᠷᠠᠬᠤ ᠴᠢᠳᠠᠪᠤᠷᠢ ᠪᠠᠨ ᠠᠯᠳᠠᠭᠰᠠᠨ᠂ ᠬᠠᠭᠠᠰ ᠪᠡᠶ᠎ᠡ ᠪᠠᠨ ᠳᠠᠭᠠᠭᠠᠵᠤ | ᠠᠮᠢᠳᠤᠷᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ | ᠣᠷᠣ ᠶᠢ ᠲᠣᠬᠢᠷᠠᠭᠤᠯᠵᠤ ᠥᠭᠴᠦ᠂ ᠭᠡᠷ ᠲᠡᠭᠡᠨ ᠨᠠᠰᠤᠵᠢᠯ ᠤᠨ ᠠᠰᠠᠷᠠᠮᠵᠢ ᠭᠦᠷᠳᠡᠭᠦ ᠦᠢᠯᠡᠴᠢᠯᠡᠭᠡ ᠬᠠᠩᠭᠠᠨ᠎ᠠ; | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠠᠢ ᠬᠠᠮᠲᠤᠷᠠᠨ ᠰᠢᠨ᠎ᠡ ᠪᠠᠷ | ᠪᠠᠶᠢᠭᠤᠯᠬᠤ ᠣᠷᠣᠨ ᠰᠠᠭᠤᠴᠠ ᠶᠢᠨ ᠲᠣᠭᠤᠷᠢᠭ ᠲᠤ ᠵᠡᠷᠭᠡᠪᠡᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠤᠨᠤᠭ ᠲᠥᠬᠦᠭᠡᠷᠦᠮᠵᠢ ᠶᠢ ᠲᠥᠭᠦᠷᠵᠢᠭᠦᠯᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢᠨ ᠪᠠᠶᠢᠷᠢᠰᠢᠯ ᠢ | ᠰᠢᠯᠢᠳᠡᠭᠵᠢᠭᠦᠯᠦᠨ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠦᠨ᠎ᠡ ᠭᠡᠵᠦ ᠢᠯᠡᠳᠬᠡᠪᠡ᠃ | ᠡᠨᠡ ᠵᠢᠯ ᠠᠴᠠ ᠨᠠᠭᠠᠰᠢ᠂ ᠠᠷᠠᠳ ᠤᠨ ᠶᠠᠪᠤᠳᠠᠯ ᠤᠨ ᠶᠠᠮᠤᠨ ᠡᠯ᠎ᠡ ᠭᠠᠵᠠᠷ ᠤᠨ ᠬᠢᠨ ᠮᠤᠵᠢ ᠶᠢᠨ ᠱᠠᠲᠤᠨ ᠤ | ᠲᠠᠰ ᠳᠠᠪᠬᠤᠷᠭ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠦᠷᠢᠮ ᠤᠨ ᠵᠢᠷᠤᠭ | ᠲᠥᠯᠥᠪᠯᠡᠭᠡ ᠶᠢ ᠰᠠᠶᠢᠲᠤᠷ ᠬᠢᠬᠦ ᠶᠢ ᠱᠠᠯᠠᠪᠳᠠᠨ ᠵᠢᠯᠣᠭᠤᠳᠪᠠ᠃ ᠣᠳᠣᠬᠠᠨ ᠳᠤ᠂ ᠣᠯᠠᠩᠬᠢ ᠮᠤᠵᠢ ᠣᠷᠣᠨ ᠴᠥᠮ | ᠬᠡᠷᠡᠭᠵᠢᠭᠦᠯᠬᠦ ᠲᠥᠰᠥᠯ ᠨᠡᠶᠢᠲᠡᠯᠡᠭᠰᠡᠨ ᠪᠠᠶᠢᠨ᠎ᠠ᠃ ᠢᠦᠢ ᠵᠢᠶᠠᠨ ᠯᠢᠶᠠᠩ᠂ ᠠᠷᠠᠳ ᠤᠨ ᠶᠠᠪᠤᠳᠠᠯ ᠤᠨ ᠶᠠᠮᠤᠨ | ᠮᠤᠵᠢ ᠶᠢᠨ ᠱᠠᠲᠤᠨ ᠤ ᠬᠡᠷᠡᠭᠵᠢᠭᠦᠯᠬᠦ ᠲᠥᠰᠥᠯ ᠢᠶᠠᠨ ᠬᠠᠷᠠᠬᠠᠨ ᠨᠡᠶᠢᠲᠡᠯᠡᠭᠡᠳᠦᠢ ᠭᠠᠵᠠᠷ ᠣᠷᠣᠨ ᠢ ᠱᠠᠯᠠᠪᠳᠠᠭᠤᠯᠤᠨ | ᠵᠢᠯᠤᠭᠤᠳᠴᠤ ᠵᠢᠯ ᠤᠨ ᠡᠴᠦᠰ ᠠᠴᠠ ᠡᠮᠦᠨ᠎ᠡ ᠲᠦᠷᠭᠡᠬᠡᠨ ᠨᠡᠶᠢᠲᠡᠯᠡᠭᠦᠯᠦᠨᠡ ᠭᠡᠵᠦ ᠢᠯᠡᠳᠬᠡᠪᠡ᠃ | ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠦᠢᠳᠬᠡᠯ ᠬᠤᠷᠢᠶᠠᠬᠤ ᠶᠢ | ᠵᠢᠷᠤᠮᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠪᠠᠷᠤᠭ 18 ᠳ᠋ᠦᠩᠰᠢᠭᠤᠷ ᠲᠥᠭᠦᠷᠢᠭ ᠬᠥᠩᠭᠡᠷᠡᠭᠦᠯᠪᠡ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠪᠠ᠃ | ᠠᠷᠠᠳ ᠤᠨ ᠶᠠᠪᠤᠳᠠᠯ ᠤᠨ ᠶᠠᠮᠤᠨ ᠤ ᠳᠡᠳ᠋ ᠰᠠᠶᠢᠳ ᠵᠠᠨ ᠴᠧᠩ ᠹᠦ᠋᠂ ᠣᠶᠢᠷ᠎ᠠ ᠶᠢᠨ ᠵᠢᠯ ᠤᠳ ᠲᠤ᠂ ᠡᠯ᠎ᠡ | ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ | ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠨ ᠳᠤ᠂ ᠣᠨᠴᠠ ᠬᠦᠴᠢᠷᠳᠡᠯᠲᠡᠢ ᠨᠠᠰᠤᠲᠠᠶᠢᠴᠤᠳ ᠤᠨ | ᠭᠡᠷ ᠲᠤ ᠨᠠᠰᠤᠲᠠᠢ ᠬᠥᠮᠥᠨ ᠳᠤ ᠲᠣᠬᠢᠷᠠᠬᠤ ᠥᠭᠡᠷᠡᠴᠢᠯᠡᠯᠲᠡ ᠭᠢᠪᠡ;ᠣᠷᠤᠭ ᠳᠠᠩᠰᠠᠯᠠᠭᠤᠯᠬᠤ ᠬᠠᠮᠢᠶᠠᠷᠤᠯᠲᠠ ᠶᠢᠨ | ᠬᠦᠷᠢᠶᠡᠨ ᠳᠤ᠂ ᠳᠣᠲᠣᠷ ᠭᠠᠵᠠᠷ ᠤᠨ ᠰᠠᠭᠤᠭᠠᠯᠢ ᠠᠷᠠᠳ ᠤᠨ ᠣᠷᠤᠭ ᠳᠠᠩᠰᠠᠯᠠᠭᠤᠯᠬᠤ ︽ᠮᠤᠵᠢ ᠠᠯᠤᠰᠯᠠᠨ | ᠨᠡᠶᠢᠳᠡᠮ ᠭᠦᠢᠴᠡᠳᠬᠡᠬᠦ︾ ᠲᠤᠷᠰᠢᠯᠲᠠ ᠶᠢᠨ ᠬᠡᠪᠴᠢᠶ᠎ᠡ ᠶᠢ 7 ᠮᠤᠵᠢ ᠣᠷᠣᠨ ᠠᠴᠠ 21 ᠮᠤᠵᠢ ᠣᠷᠣᠨ ᠭᠦᠷᠲᠡᠯ᠎ᠡ | ᠥᠷᠭᠡᠳᠬᠡᠵᠦ᠂ ᠮᠠᠨ ᠤ ᠤᠯᠤᠰ ᠤᠨ ᠪᠦᠭᠦ ᠬᠥᠮᠥᠨ ᠠᠮᠠ ᠶᠢᠨ 78.5% ᠶᠢ ᠬᠠᠮᠤᠷᠤᠭᠰᠠᠨ ᠪᠠᠶᠢᠨ᠎ᠠ᠃ | ᠡᠭᠦᠨ ᠠᠴᠠ ᠭᠠᠳᠠᠨ᠎ᠠ᠂ ᠠᠷᠠᠳ ᠤᠨ ᠶᠠᠪᠤᠳᠠᠯ ᠤᠨ ᠶᠠᠮᠤᠨ ᠪᠠᠰᠠ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠠᠴᠠ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯᠯᠠᠭ᠎ᠠ ᠶᠢ | ᠥᠷᠨᠢᠭᠦᠯᠵᠦ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠰᠦᠢᠳᠬᠡᠯ ᠬᠤᠷᠢᠶᠠᠬᠤ ᠶᠢ ᠴᠡᠪᠡᠷᠯᠡᠨ ᠳᠢᠭᠯᠡᠵᠦ᠂ ᠬᠠᠤᠯᠢ ᠶᠣᠰᠣᠨ ᠤ ᠪᠥᠭᠡᠳ ᠵᠦᠢ ᠵᠣᠬᠢᠰᠲᠠᠢ | ᠰᠦᠢᠳᠬᠡᠯ ᠬᠤᠷᠢᠶᠠᠬᠤ ᠶᠢ ᠪᠦᠭᠦ ᠲᠠᠯ᠎ᠠ ᠪᠠᠷ ᠵᠢᠷᠤᠮᠵᠢᠭᠤᠯᠵᠤ᠂ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ | ᠠᠵᠤ ᠠᠬᠤᠶᠢᠯᠠᠯ ᠤᠨ ᠳᠠᠷᠤᠭᠠᠰᠤ ᠶᠢ ᠪᠠᠷᠤᠭ 18 ᠳ᠋ᠦᠩᠰᠢᠭᠤᠷ ᠲᠥᠭᠦᠷᠢᠭ ᠬᠥᠩᠭᠡᠷᠡᠭᠦᠯᠵᠡᠢ ᠭᠡᠵᠦ | ᠲᠠᠨᠢᠯᠴᠠᠭᠤᠯᠪᠠ᠃ | ᠭᠠᠵᠠᠷ ᠤᠨ ᠨᠡᠷ᠎ᠡ ᠪᠣᠯ ᠨᠡᠶᠢᠭᠡᠮ ᠤᠨ ᠦᠨᠳᠦᠰᠦᠨ ᠣᠯᠠᠨ ᠨᠡᠶᠢᠲᠡ ᠶᠢᠨ ᠮᠡᠳᠡᠭᠡ ᠵᠠᠩᠭᠢ ᠶᠤᠮ᠃ | ᠠᠷᠠᠳ ᠤᠨ ᠶᠠᠪᠤᠳᠠᠯ ᠤᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ᠂ ᠠᠯᠪᠠᠨ ᠲᠢᠩᠬᠢᠮ ᠤᠨ ᠡᠷᠭᠢᠯᠡᠭᠴᠢ | ᠯᠢ ᠪᠦᠦ ᠵᠢᠶᠦ᠋ᠨ᠂ ᠲᠥᠷᠥ ᠶᠢᠨ ᠶᠠᠪᠤᠳᠠᠯ ᠤᠨ ᠬᠤᠷᠢᠶ᠎ᠠ ᠰᠢᠨ᠎ᠡ ᠪᠠᠷ ᠵᠠᠰᠠᠪᠤᠷᠢ ᠣᠷᠣᠭᠤᠯᠤᠭᠰᠠᠨ︽ᠭᠠᠵᠠᠷ ᠤᠨ | ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠭᠰᠡᠨ ᠤ ᠳᠠᠷᠠᠭ᠎ᠠ᠂ ᠠᠷᠠᠳ ᠤᠨ ᠶᠠᠪᠤᠳᠠᠯ ᠤᠨ ᠶᠠᠮᠤᠨ | ᠭᠠᠵᠠᠷ ᠤᠨ ᠨᠡᠷ᠎ᠡ ᠶᠢᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ | ᠭᠠᠵᠠᠷ ᠤᠨ ᠨᠡᠷ᠎ᠡ ᠶᠢ ᠨᠡᠷᠡᠶᠢᠳᠬᠦ ᠪᠠ ᠬᠠᠯᠠᠬᠤ ᠬᠠᠮᠢᠶᠠᠷᠤᠯᠲᠠ ᠶᠢ ᠴᠢᠩᠳᠠᠯᠠᠵᠤ᠂ ᠨᠡᠷᠡᠶᠢᠳᠬᠦ ᠳᠦᠷᠢᠮ ᠢ | ᠲᠡᠭᠦᠯᠳᠡᠷᠵᠢᠭᠦᠯᠵᠦ᠂ ᠠᠵᠢᠯ ᠤᠨ ᠲᠠᠰ ᠳᠠᠷᠠᠭᠠᠯᠠᠯ ᠢ ᠵᠢᠷᠤᠮᠵᠢᠭᠤᠯᠵᠤ᠂ ᠭᠠᠵᠠᠷ ᠤᠨ ᠨᠡᠷ᠎ᠡ ᠶᠢᠨ ᠲᠥᠰᠥᠯ ᠢ | ᠨᠠᠶᠢᠷᠠᠭᠤᠯᠤᠨ ᠵᠣᠬᠢᠶᠠᠬᠤ ᠠᠵᠢᠯ ᠢ ᠢᠳᠡᠪᠬᠢᠲᠡᠢ ᠠᠬᠢᠭᠤᠯᠵᠤ᠂ ᠠᠯᠪᠠᠨ ᠵᠠᠷᠯᠠᠯ ᠢ ᠪᠦᠷᠢᠳᠬᠡᠨ ᠳᠠᠩᠰᠠᠯᠠᠬᠤ | ᠳᠦᠷᠢᠮ ᠢ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠨᠢᠭᠡᠳᠦᠯᠲᠡᠢ ᠪᠦᠷᠢᠳᠬᠡᠨ ᠳᠠᠩᠰᠠᠯᠠᠬᠤ ᠠᠯᠪᠠᠨ ᠵᠠᠷᠯᠠᠯ ᠤᠨ | ᠠᠵᠢᠯ ᠤᠨ ᠲᠠᠪᠴᠠᠩ ᠢ ᠪᠠᠶᠢᠭᠤᠯᠪᠠ᠃ ᠡᠭᠦᠨ ᠤ ᠬᠠᠮᠲᠤ᠂ ᠭᠠᠵᠠᠷ ᠤᠨ ᠨᠡᠷᠡᠶᠢᠳᠦᠯ ᠢ ᠪᠠᠷᠢᠮᠵᠢᠶᠠᠵᠢᠭᠤᠯᠬᠤ ᠶᠢ | ᠦᠷᠭᠦᠯᠵᠢᠯᠡᠨ ᠠᠬᠢᠭᠤᠯᠵᠤ᠂ ᠵᠢᠷᠤᠮᠵᠢᠯ ᠦᠭᠡᠢ ᠭᠠᠵᠠᠷ ᠤᠨ ᠨᠡᠷᠡᠶᠢᠳᠦᠯ ᠢ ᠪᠠᠷᠢᠮᠵᠢᠶᠠᠵᠢᠭᠤᠯᠤᠨ ᠰᠢᠢᠳᠪᠦᠷᠢᠯᠡᠵᠦ᠂ | ᠭᠠᠵᠠᠷ ᠤᠨ ᠨᠡᠷᠡᠶᠢᠳᠦᠯ ᠢ ᠠᠪᠢᠶᠠᠴᠢᠯᠠᠨ ᠪᠢᠴᠢᠬᠦ ᠪᠠ ᠣᠷᠴᠢᠭᠤᠯᠤᠨ ᠪᠢᠴᠢᠬᠦ ᠶᠢ ᠵᠢᠷᠤᠮᠵᠢᠭᠤᠯᠵᠠᠢ ᠭᠡᠵᠦ | ᠲᠠᠨᠢᠯᠴᠠᠭᠤᠯᠪᠠ᠃ | ᠯᠢ ᠪᠦᠦ ᠵᠢᠶᠦ᠋ᠨ᠄ ︽ᠲᠠᠷᠠᠭᠠᠴᠢ ᠶᠢᠨ ᠠᠯᠬᠤᠮ ᠳᠤ᠂ ᠪᠢᠳᠡ ︿ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ | ᠳᠦᠷᠢᠮ﹀ ᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠤᠨ ᠨᠡᠷ᠎ᠡ ᠶᠢᠨ | ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠭᠠᠵᠠᠷ ᠤᠨ ᠨᠡᠷ᠎ᠡ ᠶᠢᠨ ᠰᠣᠶᠣᠯ ᠢ | ᠬᠠᠮᠠᠭᠠᠯᠠᠬᠤ ᠤᠬᠠᠭᠤᠯᠭ᠎ᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠵᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠨᠠᠩ ᠰᠠᠶᠢᠲᠤᠷ ᠤᠯᠠᠮᠵᠢᠯᠠᠨ ᠪᠠᠳᠠᠷᠠᠭᠤᠯᠤᠨ᠎ᠠ︾ ᠭᠡᠪᠡ᠃ |