ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2023/9/14
     -  2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠴᠤᠭᠯᠠᠭᠠᠨ   ᠢᠶᠠᠷ  ᠲᠣᠭᠤᠷᠢᠭᠰᠠᠨ   ᠨᠢ      AI ᠢᠶᠠᠷ ᠮᠡᠬᠡᠯᠡᠨ ᠵᠣᠬᠢᠶᠠᠭᠰᠠᠨ︽ᠬᠠᠭᠤᠷᠮᠠᠭ ᠪᠠᠭ︾ ᠢ ᠢᠯᠡᠴᠢᠯᠡᠬᠦ᠂ AI ᠪᠠᠷ AI ᠶᠢ ᠪᠤᠯᠪᠠᠰᠤᠷᠠᠭᠤᠯᠵᠤ᠂ ᠰᠦᠯᠵᠢᠶᠡᠨ ᠤ ᠳᠠᠯᠳᠠ ᠲᠦᠭᠰᠢᠭᠦᠷᠢ ᠶᠢ ᠣᠨᠣᠪᠴᠢᠲᠠᠶ ᠡᠷᠢᠨ ᠭᠠᠷᠭᠠᠬᠤ  ᠁ 9 ᠰᠠᠷ᠎ᠠ ᠶᠢᠨ 10 ᠠᠴᠠ ᠡᠬᠢᠯᠡᠨ᠂ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠴᠤᠭᠯᠠᠭᠠᠨ ᠹᠦᠵᠢᠶᠠᠨ ᠤ ᠹᠦᠵᠧᠦ ᠳᠤ ᠡᠬᠢᠯᠡᠪᠡ᠃ ᠰᠦᠯᠵᠢᠶᠡᠨ ᠤ  ᠠᠮᠤᠷ ᠲᠦᠪᠰᠢᠨ ᠤ ᠤᠯᠠᠨ ᠵᠦᠢᠯ ᠤᠨ ᠲᠡᠷᠢᠭᠦᠨ ᠤ ᠰᠢᠨᠵᠢᠯᠡᠬᠦ ᠤᠬᠠᠭᠠᠨ ᠤ ᠮᠡᠷᠭᠡᠵᠢᠯ ᠨᠢ ᠦᠵᠡᠭᠴᠢᠳ ᠢ ᠭᠠᠶᠢᠬᠠᠰᠢᠷᠠᠭᠤᠯᠤᠯ᠎ᠠ᠃      ︽ᠲᠠ ᠦᠵᠡ᠂  ᠲᠠᠨ ᠤ ᠨᠢᠭᠡ ᠯᠡ ᠭᠡᠷᠡᠯ ᠵᠢᠷᠤᠭ ᠢ ᠣᠯᠣᠭᠠᠳ ᠠᠪᠤᠪᠠᠯ ᠪᠢ ᠴᠢᠨᠦ ᠰᠠᠶᠢᠨ ᠨᠠᠶᠢᠵᠠ ᠪᠠᠷ ᠣᠪᠯᠠᠵᠤ᠂ ᠴᠢᠮ᠎ᠠ ᠲᠠᠢ ᠸᠢᠳᠢᠤ᠋ ᠪᠠᠷ ᠶᠠᠷᠢᠯᠴᠠᠴᠢᠬᠠᠨ᠎ᠠ︾᠂ ᠦᠵᠡᠰᠭᠦᠯᠡᠩ ᠤᠨ ᠴᠤᠭᠯᠠᠭᠠᠨ ᠤ ᠲᠤᠬᠠᠢ ᠶᠢᠨ ᠲᠠᠯᠠᠪᠠᠢ ᠳᠤ᠂ ᠮᠧᠢ ᠶᠠ ᠪᠠᠢ ᠺᠧ ᠶᠢᠨ ᠲᠦᠷᠦᠯ ᠲᠡᠮᠳᠡᠭ ᠤᠨ ᠲᠥᠪ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠶᠢᠨ ᠳᠡᠭᠡᠳᠦ ᠵᠡᠷᠭᠡ ᠶᠢᠨ ᠲᠤᠰᠬᠠᠢ ᠠᠵᠢᠯᠲᠠᠨ ᠸᠧᠩ ᠫᠧᠩ ᠰᠢᠶᠠᠩ ᠨᠢᠭᠡᠨ ᠳᠠᠷᠤᠪᠴᠢ ᠶᠢ ᠳᠠᠷᠤᠩᠭᠤᠲᠠ᠂ ᠨᠢᠭᠡᠨ ᠡᠷᠡᠭᠲᠡᠢ ᠬᠥᠮᠥᠨ ᠤ ᠴᠢᠷᠠᠢ ᠢᠯᠡᠷᠡᠬᠦ ᠶᠢᠨ ᠬᠠᠮᠲᠤ ᠡᠮᠡᠭᠲᠡᠢ ᠠᠵᠢᠯᠲᠠᠨ ᠤ ᠴᠢᠷᠠᠢ ᠶᠢᠨ ᠬᠤᠪᠢᠷᠠᠯᠲᠠ ᠶᠢ ᠳᠠᠭᠠᠯᠳᠤᠨ︽ᠬᠥᠳᠡᠯᠦᠨ᠎ᠡ︾᠃  ︽ᠬᠡᠷᠪᠡ ᠪᠢ ᠴᠢᠨᠦ ᠰᠠᠶᠢᠨ ᠨᠠᠶᠢᠵᠠ ᠶᠢᠨ ᠬᠤᠭᠤᠯᠠᠢ ᠶᠢᠨ ᠥᠩᠭᠡ ᠶᠢᠨ ᠮᠡᠳᠡᠭᠡ ᠵᠠᠩᠭᠢ ᠶᠢ ᠣᠯᠵᠤ ᠠᠪᠤᠭᠠᠳ ᠴᠢᠮ᠎ᠠ ᠲᠠᠢ ᠸᠢᠳᠢᠤ᠋ ᠪᠠᠷ ᠶᠠᠷᠢᠯᠴᠠᠬᠤ ᠳᠤ ᠭᠦᠷᠪᠡᠯ ᠲᠠ ᠦᠨᠡᠨ ᠬᠤᠳᠠᠯ ᠢ ᠢᠯᠭᠠᠵᠤ ᠳᠡᠶᠢᠯᠭᠦ ᠳᠤ ᠪᠡᠷᠬᠡ︾  ᠭᠡᠵᠦ ᠸᠧᠩ ᠫᠧᠩ ᠰᠢᠶᠠᠩ ᠬᠡᠯᠡᠪᠡ᠃      ᠬᠥᠮᠥᠨ ᠤ ᠵᠢᠰᠦ ᠴᠢᠷᠠᠢ᠂ ᠬᠤᠭᠤᠯᠠᠢ ᠶᠢᠨ ᠥᠩᠭᠡ ᠵᠡᠷᠭᠡ ᠠᠮᠢᠳᠤ ᠪᠣᠳᠠᠰ ᠤᠨ ᠮᠡᠳᠡᠭᠡ ᠵᠠᠩᠭᠢ ᠨᠢ ᠨᠢᠭᠡᠨᠲᠡ ᠬᠠᠲᠠᠭᠤ ᠲᠤᠨᠤᠭ ᠤᠨ ᠣᠨᠢᠰᠤ ᠶᠢ ᠲᠠᠶᠢᠯᠬᠤ᠂ ᠮᠥᠩᠭᠦᠨ ᠭᠦᠢᠯᠭᠡᠭᠡᠨ ᠤ ᠲᠣᠭᠠᠴᠠᠭ᠎ᠠ ᠬᠢᠬᠦ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠂ ᠵᠠᠷᠢᠮ ᠦᠶ᠎ᠡ ᠳᠤ ᠬᠡᠷᠡᠭᠯᠡᠭᠴᠢ ᠰᠠᠨᠠᠮᠰᠠᠷ ᠦᠭᠡᠢ ᠪᠠᠷ ︽ᠴᠢᠷᠠᠢ︾ ᠪᠠᠨ ᠬᠤᠯᠠᠭᠠᠶᠢᠯᠠᠭᠳᠠᠪᠠᠯ ᠬᠠᠤᠯᠢ ᠪᠤᠰᠤ ᠡᠲᠡᠭᠡᠳ ᠡᠭᠦᠨ ᠢ ᠠᠰᠢᠭᠯᠠᠨ ᠰᠦᠯᠵᠢᠶ᠎ᠡ ᠶᠢᠨ ᠮᠡᠬᠡᠯᠡᠯ ᠤᠨ ᠠᠵᠢᠯᠯᠠᠭ᠎ᠠ  ᠬᠢᠬᠦ ᠪᠤᠶᠤ ᠰᠦᠯᠵᠢᠶ᠎ᠡ ᠶᠢᠨ ᠵᠢᠭᠡᠯᠡᠯᠭᠡ ᠵᠢᠭᠡᠯᠡᠵᠦ ᠮᠡᠳᠡᠨ᠎ᠠ᠃      ᠣᠶᠢᠷ᠎ᠠ ᠳᠤ᠂ ᠬᠠᠭᠤᠷᠮᠠᠭᠯᠠᠬᠤ ᠮᠡᠷᠭᠡᠵᠢᠯ ᠨᠢ ᠨᠢᠭᠡᠨᠲᠡ AI ᠶᠢᠨ ᠮᠡᠬᠡᠯᠡᠯ ᠤᠨ ︽ᠬᠠᠭᠤᠷᠮᠠᠭ ᠪᠠᠭ︾ ᠪᠣᠯᠤᠭᠰᠠᠨ ᠪᠥᠭᠡᠳ ᠰᠦᠯᠵᠢᠶ᠎ᠡ ᠶᠢᠨ ᠮᠡᠬᠡᠯᠡᠯ ᠤᠨ ᠪᠣᠳᠠᠲᠠᠢ ᠬᠡᠷᠡᠭᠯᠡᠯᠲᠡ ᠳᠤ ᠣᠷᠣᠭᠰᠠᠨ ᠪᠠᠶᠢᠨ᠎ᠠ᠃ ᠮᠧᠶ ᠶᠠ ᠪᠠᠢ ᠺᠧ ᠶᠢᠨ ᠦᠵᠡᠭᠦᠯᠭᠡ ᠶᠢᠨ ᠲᠣᠭᠤᠷᠢᠭ ᠲᠤ᠂ ᠲᠡᠭᠦᠨ ᠤ ᠬᠠᠭᠤᠷᠮᠠᠭᠯᠠᠯ ᠢ ᠢᠯᠭᠠᠨ ᠲᠠᠨᠢᠬᠤ ᠲᠠᠪᠴᠠᠩ ᠨᠢ ᠶᠡᠭᠡ ᠬᠡᠮᠵᠢᠶᠡᠨ ᠤ ᠲᠤᠭ᠎ᠠ ᠪᠠᠷᠢᠮᠲᠠ ᠪᠠ ᠲᠡᠷᠢᠭᠦᠨ ᠤ ᠪᠤᠳᠤᠬᠤ ᠠᠷᠭ᠎ᠠ ᠶᠢ ᠠᠰᠢᠭᠯᠠᠨ᠂ ᠬᠠᠭᠤᠷᠮᠠᠭᠯᠠᠭᠰᠠᠨ ᠰᠡᠵᠢᠭᠯᠡᠯᠲᠡᠢ ᠦᠶᠯᠡ ᠠᠵᠢᠯᠯᠠᠭ᠎ᠠ ᠶᠢ ᠪᠠᠶᠢᠴᠠᠭᠠᠨ ᠮᠡᠳᠡᠪᠡᠯ᠂ ᠰᠡᠷᠡᠮᠵᠢ ᠥᠭᠴᠦ᠂ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠠᠶᠤᠯ ᠲᠦᠭᠰᠢᠭᠦᠷᠢ ᠶᠢ ᠬᠤᠷᠢᠭᠯᠠᠬᠤ ᠳᠤ ᠲᠤᠰᠠᠯᠠᠮᠵᠢ ᠬᠠᠩᠭᠠᠪᠠ᠃      AI ᠮᠡᠬᠡᠯᠡᠯ ᠤᠨ︽ᠬᠠᠭᠤᠷᠮᠠᠭ ᠪᠠᠭ︾ ᠢ ᠢᠯᠡᠴᠢᠯᠡᠬᠦ ᠠᠴᠠ ᠭᠠᠳᠠᠨ᠎ᠠ᠂ ᠲᠣᠰ ᠤᠳᠠᠭ᠎ᠠ ᠶᠢᠨ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠴᠤᠭᠯᠠᠭᠠᠨ ᠨᠢ ᠪᠠᠰᠠ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ AIGC︵ᠡᠭᠦᠰᠬᠦ ᠮᠠᠶ᠋ᠢᠭ ᠤᠨ ᠵᠣᠬᠢᠶᠠᠮᠠᠯ ᠣᠶᠤᠨ ᠴᠢᠳᠠᠪᠤᠷᠢ︶ ᠶᠢᠨ ᠠᠮᠤᠷ ᠲᠦᠪᠰᠢᠨ ᠤ ᠠᠰᠠᠭᠤᠳᠠᠯ ᠤᠨ ᠲᠤᠬᠠᠢ ᠰᠢᠢᠳᠪᠦᠷᠢᠯᠡᠬᠦ ᠲᠥᠰᠥᠯ ᠭᠠᠷᠭᠠᠪᠠ᠃ ︽ᠨᠠᠳᠠ ᠳᠤ  ᠵᠣᠭᠤᠰ ᠮᠥᠷᠥᠶᠢᠴᠡᠬᠦ 2 ᠰᠦᠯᠵᠢᠶ᠎ᠡ ᠶᠢᠨ ᠬᠠᠶ᠋ᠢᠭ ᠥᠭᠭᠦᠭᠡᠴᠢ︾᠂︽ᠠᠭᠤᠴᠢᠯᠠᠭᠠᠷᠠᠢ᠂ ᠲᠠᠨ ᠤ ᠠᠰᠠᠭᠤᠯᠲᠠ ᠬᠠᠤᠯᠢ ᠠᠴᠠ ᠵᠥᠷᠢᠴᠡᠵᠦ ᠮᠡᠳᠡᠨ᠎ᠠ᠂ ᠪᠢ ᠬᠠᠩᠭᠠᠵᠤ ᠳᠡᠶᠢᠯᠭᠦ ᠦᠭᠡᠢ︾᠂ ︽ᠪᠢ ᠪᠣᠯ ᠰᠤᠷᠤᠬᠴᠢ ᠶᠢᠨ ᠭᠡᠷ ᠤᠨ ᠠᠬᠠᠮᠠᠳ ᠮᠥᠨ᠂ ᠵᠣᠭᠤᠰ ᠮᠥᠷᠥᠶᠢᠴᠡᠬᠦ ᠰᠦᠯᠵᠢᠶ᠎ᠡ ᠶᠢ ᠬᠠᠷ᠎ᠠ ᠳᠠᠩᠰᠠᠨ ᠳᠤ ᠣᠷᠣᠭᠤᠯᠵᠤ ᠬᠠᠭᠠᠪᠠᠯ ᠵᠣᠬᠢᠨ᠎ᠠ᠂ ᠨᠠᠳᠠ ᠳᠤ ᠦᠷᠭᠦᠯᠵᠢ ᠲᠣᠬᠢᠶᠠᠯᠳᠤᠳᠠᠭ ᠵᠣᠭᠤᠰ ᠮᠥᠷᠥᠶᠢᠴᠡᠬᠦ ᠰᠦᠯᠵᠢᠶ᠎ᠡ ᠶᠢ ᠬᠡᠯᠡᠭᠡᠳ ᠥᠭᠭᠦᠭᠡᠴᠢ︾᠂︽ᠲᠠ ᠳᠣᠣᠷᠠᠬᠢ ᠰᠦᠯᠵᠢᠶ᠎ᠡ ᠶᠢ ᠬᠠᠷ᠎ᠠ ᠲᠠᠩᠰᠠᠨ ᠳᠤ ᠣᠷᠣᠭᠤᠯᠵᠤ ᠪᠣᠯᠣᠨ᠎ᠠ ᠁︾᠂ AIGC ᠬᠠᠶᠢᠯᠲᠠ ᠶᠢᠨ ᠬᠥᠳᠡᠯᠭᠡᠭᠦᠷ ᠢ ᠠᠰᠢᠭᠯᠠᠨ᠂ ᠵᠠᠷᠢᠮ ᠬᠡᠷᠡᠭᠯᠡᠭᠴᠢ︽ᠵᠠᠷᠢᠮ ᠦᠭᠡ ᠶᠢ ᠡᠰᠡᠷᠭᠦ ᠪᠠᠷ ᠬᠡᠯᠡᠬᠦ︾ ᠠᠷᠭ᠎ᠠ ᠪᠠᠷ ᠵᠣᠬᠢᠶᠠᠮᠠᠯ ᠤᠶᠤᠨ ᠴᠢᠳᠠᠪᠤᠷᠢ ᠶᠢ ᠮᠡᠬᠡᠯᠡᠵᠦ᠂ ᠲᠡᠭᠦᠨ ᠠᠴᠠ ᠬᠠᠤᠯᠢ ᠪᠤᠰᠤ ᠦᠷ᠎ᠡ ᠳ᠋ᠦᠩ ᠢ ᠣᠯᠵᠤ ᠪᠠᠶᠢᠨ᠎ᠠ᠃      ᠮᠠ ᠢ ᠪᠦᠯᠦᠭᠯᠡᠯ ᠤᠨ ᠦᠵᠡᠭᠦᠯᠭᠡ ᠶᠢᠨ ᠲᠣᠭᠤᠷᠢᠭ ᠲᠤ᠂ ᠲᠡᠭᠦᠨ ᠤ ᠴᠢᠩᠬᠤᠸᠠ ᠶᠡᠭᠡ ᠰᠤᠷᠭᠠᠭᠤᠯᠢ ᠲᠠᠢ ᠬᠠᠮᠲᠤ ᠰᠤᠳᠤᠯᠤᠨ ᠦᠢᠯᠡᠳᠦᠭᠰᠡᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠣᠮᠣ ᠲᠠᠪᠴᠠᠩ ᠨᠢ ᠶᠠᠭ ᠡᠶᠢᠮᠦᠷᠬᠦᠦ ᠬᠠᠤᠯᠢ ᠪᠤᠰᠤ ᠠᠵᠢᠯᠯᠠᠭ᠎ᠠ ᠶᠢ ᠡᠰᠡᠷᠭᠦᠴᠡᠬᠦ ᠶᠢᠨ ᠲᠥᠯᠥᠭᠡ ᠵᠣᠬᠢᠶᠠᠭᠳᠠᠭᠰᠠᠨ ᠶᠤᠮ᠂ ᠡᠨᠡ ᠲᠠᠪᠴᠠᠩ ᠨᠢ ᠪᠠᠰᠠ︽ᠢ ᠲᠢᠶᠠᠨ ᠵᠢᠶᠠᠨ︾ ᠭᠡᠬᠦ ᠪᠠᠭᠠᠲᠤᠷ ᠨᠡᠷ᠎ᠡ ᠲᠠᠢ ᠠᠵᠢ᠃ ᠣᠯᠠᠨ ᠤ ᠮᠡᠳᠡᠭᠡᠵᠢ ᠪᠠᠷ᠂ ᠵᠣᠬᠢᠶᠠᠮᠠᠯ ᠣᠶᠤᠨ ᠴᠢᠳᠠᠪᠤᠷᠢ ᠶᠢ ᠪᠤᠯᠪᠠᠰᠤᠷᠠᠭᠤᠯᠬᠤ ᠳᠤ ᠶᠡᠭᠡ ᠬᠡᠮᠵᠢᠶᠡᠨ ᠤ ᠳ᠋ᠠᠶᠢᠲ᠋ᠠ ᠬᠡᠷᠡᠭᠰᠡᠨ᠎ᠡ᠂ ᠡᠭᠦᠨ ᠳᠤ ︽ᠪᠣᠬᠢᠷᠲᠤᠭᠰᠠᠨ ᠲᠤᠭ᠎ᠠ ᠪᠠᠷᠢᠮᠲᠠ︾ ᠬᠤᠯᠢᠯᠳᠤᠨ ᠣᠷᠣᠪᠠᠯ᠂ ᠡᠭᠦᠨ ᠠᠴᠠ ᠪᠣᠯᠵᠤ ᠪᠤᠳᠤᠬᠤ ᠠᠷᠭ᠎ᠠ ᠨᠢ ︽ᠬᠤᠣᠷᠳᠠᠭᠳᠠᠬᠤ︾ ᠶᠢᠨ ᠬᠠᠮᠲᠤ ᠬᠦᠴᠦᠷᠬᠡᠭᠯᠡᠯ᠂ ᠱᠠᠯᠢᠭ ᠵᠠᠪᠬᠠᠢ ᠵᠡᠷᠭᠡ ᠬᠠᠤᠯᠢ ᠪᠤᠰᠤ ᠠᠭᠤᠯᠭ᠎ᠠ ᠳᠠᠭᠠᠯᠳᠤᠨ ᠣᠷᠣᠵᠤ ᠢᠷᠡᠵᠤ ᠮᠡᠳᠡᠨ᠎ᠠ᠃      ︽︿ᠢ ᠲᠢᠶᠠᠨ ᠵᠢᠶᠠᠨ﹀ ᠢ ᠦᠢᠯᠡᠳᠦᠭᠰᠡᠨ ᠨᠢ ᠳᠠᠷᠤᠢ ᠡᠶᠢᠮᠦᠷᠬᠦᠦ ᠪᠠᠶᠢᠳᠠᠯ ᠤᠨ ᠡᠭᠦᠰᠬᠦ ᠶᠢ ᠬᠤᠷᠢᠭᠯᠠᠬᠤ ᠶᠢᠨ ᠲᠥᠯᠥᠭᠡ ᠶᠤᠮ᠂ ᠲᠡᠷᠡ ᠨᠢ ᠰᠢᠨ᠎ᠡ ᠵᠠᠭᠪᠤᠷ ᠠᠰᠢᠭᠯᠠᠯᠲᠠ ᠳᠤ ᠣᠷᠣᠬᠤ ᠠᠴᠠ  ᠡᠮᠦᠨ᠎ᠡ ᠬᠤᠯᠪᠣᠭᠳᠠᠯ ᠪᠦᠬᠦᠢ ᠳᠤᠲᠠᠭᠳᠠᠯ ᠢ ᠡᠷᠢᠵᠦ ᠣᠯᠬᠤ ᠪᠥᠭᠡᠳ ᠵᠠᠰᠠᠵᠤ ᠪᠣᠯᠣᠨ᠎ᠠ︾᠂ ᠮᠠ ᠢ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠤᠨ ᠡᠵᠡᠩᠨᠡᠯᠲᠡ ᠶᠢᠨ ᠬᠠᠷᠢᠭᠤᠴᠠᠯᠭᠠᠲᠠᠨ ᠵᠦ ᠼᠦᠩ᠄ ︽ᠪᠢᠳᠡᠨ ᠢ  ᠵᠣᠬᠢᠶᠠᠮᠠᠯ ᠣᠶᠤᠨ ᠴᠢᠳᠠᠪᠤᠷᠢ ᠪᠠᠷ ᠵᠣᠬᠢᠶᠠᠮᠠᠯ ᠣᠶᠤᠨ ᠴᠢᠳᠠᠪᠤᠷᠢ ᠶᠢ ︿ᠪᠤᠯᠪᠠᠰᠤᠷᠠᠭᠤᠯᠵᠤ﹀ ᠪᠠᠶᠢᠨ᠎ᠠ ᠭᠡᠵᠦ ᠣᠶᠢᠯᠠᠭᠠᠵᠤ ᠪᠣᠯᠣᠨ᠎ᠠ᠂ ᠢᠩᠭᠢᠪᠡᠯ ᠲᠣᠮᠣ ᠵᠠᠭᠪᠤᠷ ᠤᠨ ᠠᠮᠤᠷ ᠲᠦᠪᠰᠢᠨ ᠤ ᠴᠢᠨᠠᠷ ᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ︾ ᠭᠡᠪᠡ᠃      ᠰᠦᠯᠵᠢᠶᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠦᠭᠡᠢ᠃ ᠪᠣᠳᠠᠲᠤ ᠪᠠᠶᠢᠳᠠᠯ ᠳᠤ᠂ ᠴᠥᠭᠡᠨ ᠪᠤᠰᠤ ᠨᠢᠭᠡᠴᠢ ᠳᠤ ᠴᠥᠮ ᠰᠦᠯᠵᠢᠶᠡᠨ ᠤ  ᠠᠮᠤᠷ ᠲᠦᠪᠰᠢᠨ ᠤ ᠴᠢᠳᠠᠪᠤᠷᠢᠲᠠᠨ ᠲᠤᠲᠠᠭᠳᠠᠵᠤ ᠪᠠᠶᠢᠨ᠎ᠠ᠂ IT ᠰᠠᠯᠠᠭ᠎ᠠ ᠮᠥᠴᠢᠷ ᠤᠨ ᠢᠨᠵᠧᠨᠧᠷ ᠦᠷᠭᠦᠯᠵᠢ  ᠤᠯᠠᠨ ᠲᠤᠰᠢᠶᠠᠯ ᠢ ᠬᠠᠪᠰᠤᠷᠭᠠᠵᠤ ᠪᠠᠶᠢᠳᠠᠭ᠃ ᠬᠡᠷᠬᠢᠨ ᠰᠦᠯᠵᠢᠶᠡᠨ ᠤ  ᠠᠮᠤᠷ ᠲᠦᠪᠰᠢᠨ ᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠨᠢ ᠠᠵᠢᠯ ᠲᠥᠷᠥᠯ ᠤᠨ ᠬᠢᠨ ᠤ ᠵᠠᠪᠠᠯ ᠬᠠᠷᠢᠭᠤᠯᠬᠤ ᠰᠡᠳᠦᠪ ᠪᠣᠯᠵᠠᠢ᠃ ᠸᠧᠢ ᠪᠦ᠋ ᠺᠤᠮᠫᠠᠨᠢ ᠶᠢᠨ ᠦᠵᠡᠭᠦᠯᠭᠡ ᠶᠢᠨ ᠲᠣᠭᠤᠷᠢᠭ ᠲᠤ᠂ ︽XGPT︾ ᠭᠡᠬᠦ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ ᠤ ᠲᠤᠰᠠᠯᠠᠭᠴᠢ ᠨᠢ ᠲᠤᠬᠠᠢ ᠶᠢᠨ ᠲᠠᠯᠠᠪᠤᠷ ᠲᠠᠬᠢ ᠮᠡᠷᠭᠡᠵᠢᠯ ᠤᠨ ᠠᠵᠢᠯᠲᠠᠨ ᠤ ᠰᠣᠨᠢᠷᠬᠠᠯ ᠢ ᠲᠠᠲᠠᠪᠠ᠃      ︽XGPT︾ ᠶᠢᠨ ᠮᠥᠨ ᠴᠢᠨᠠᠷ ᠪᠣᠯ AI ᠲᠣᠮᠣ ᠵᠠᠭᠪᠤᠷ ᠢ ᠠᠰᠢᠭᠯᠠᠨ ᠲᠣᠮᠣ ᠳ᠋ᠠᠶᠢᠲ᠋ᠠ ᠶᠢᠨ ᠮᠡᠷᠭᠡᠵᠢᠯ ᠲᠠᠢ ᠤᠶᠠᠯᠳᠤᠭᠤᠯᠤᠨ ᠢᠯᠡᠷᠡᠭᠦᠯᠦᠭᠰᠡᠨ ᠰᠦᠯᠵᠢᠶᠡᠨ ᠤ ᠰᠦᠷᠳᠡᠭᠦᠯᠦᠯ ᠪᠤᠯᠬᠤ ᠮᠡᠳᠡᠭᠡ ᠵᠠᠩᠭᠢ ᠶᠢ ᠴᠤᠭᠯᠠᠭᠤᠯᠵᠤ᠂ ᠳᠠᠷᠠᠭ᠎ᠠ ᠨᠢ ᠮᠡᠳᠡᠭᠡ ᠵᠠᠩᠭᠢ ᠪᠣᠯᠣᠨ ᠰᠢᠢᠳᠪᠦᠷᠢᠯᠡᠬᠦ ᠲᠥᠰᠥᠯ ᠢ ᠵᠣᠬᠢᠶᠠᠮᠠᠯ ᠣᠶᠤᠨ ᠴᠢᠳᠠᠪᠤᠷᠢ  ᠶᠢᠨ ᠮᠡᠷᠭᠡᠵᠢᠯ ᠢᠶᠠᠷ ᠠᠰᠠᠭᠤᠯᠲᠠ ᠳᠤᠷᠠᠳᠤᠭᠰᠠᠨ ᠰᠦᠯᠵᠢᠶᠡᠨ ᠤ ᠠᠮᠤᠷ ᠲᠦᠪᠰᠢᠨ ᠤ ᠠᠵᠢᠯᠲᠠᠨ ᠳᠤ ᠬᠠᠩᠭᠠᠬᠤ ᠪᠣᠯᠣᠨ᠎ᠠ᠃ ︽ᠥᠩᠭᠡᠷᠡᠭᠰᠡᠨ ᠳᠤ ᠨᠢᠭᠡ ᠬᠥᠮᠥᠨ ᠨᠢᠭᠡ ᠯᠡ ᠤᠳᠠᠭ᠎ᠠ ᠳᠤ ᠵᠥᠪᠭᠡᠨ ᠨᠢᠭᠡ ᠯᠡ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ ᠪᠠᠶᠢᠵᠠᠢ᠂ ᠤᠳᠤ ᠵᠣᠬᠢᠶᠠᠮᠠᠯ ᠤᠶᠤᠨ ᠴᠢᠳᠠᠪᠤᠷᠢ ᠶᠢᠨ︿ᠪᠢᠴᠢᠬᠠᠨ ᠲᠤᠰᠠᠯᠠᠭᠴᠢ﹀ ᠲᠠᠢ ᠪᠣᠯᠤᠭᠰᠠᠨ ᠠᠴᠠ ᠨᠢᠭᠡ ᠬᠥᠮᠥᠨ ᠨᠢᠭᠡ ᠤᠳᠠᠭ᠎ᠠ ᠳᠤ ᠤᠯᠠᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ ᠪᠣᠯᠣᠨ᠎ᠠ︾ ᠭᠡᠵᠦ ᠸᠧᠢ ᠪᠦ᠋ ᠺᠤᠮᠫᠠᠨᠢ ᠶᠢᠨ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠬᠠᠷᠢᠭᠤᠴᠠᠯᠭᠠᠲᠠᠨ ᠭᠤᠸᠠᠨ ᠫᠦ᠋ ᠵᠢᠩ ᠲᠠᠶᠢᠯᠪᠤᠷᠢᠯᠠᠪᠠ᠃      ᠢᠨᠲ᠋ᠧᠷ ᠰᠦᠯᠵᠢᠶ᠎ᠡ ᠶᠢᠨ ᠮᠡᠷᠭᠡᠵᠢᠯ ᠨᠢᠰᠬᠦ ᠮᠡᠲᠦ ᠲᠦᠷᠭᠡᠨ ᠬᠥᠭᠵᠢᠵᠦ ᠪᠠᠶᠢᠭ᠎ᠠ ᠪᠠᠶᠢᠳᠠᠯ ᠤᠨ ᠳᠣᠣᠷ᠎ᠠ᠂ ᠰᠦᠯᠵᠢᠶᠡᠨ ᠤ ᠠᠮᠤᠷ ᠲᠦᠪᠰᠢᠨ ᠤ ᠳᠠᠭᠠᠷᠢᠯᠲᠠ ᠪᠠ ᠰᠡᠷᠭᠡᠶᠢᠯᠡᠯᠲᠡ ᠴᠦ ᠲᠦᠷᠭᠡᠨ ᠢᠶᠠᠷ ᠰᠢᠨᠡᠳᠦᠨ ᠰᠣᠯᠢᠭᠳᠠᠵᠤ ᠪᠠᠶᠢᠨ᠎ᠠ᠃ ᠰᠤᠷᠪᠤᠯᠵᠢᠯᠠᠬᠴᠢ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠦᠯᠵᠢᠶᠡᠨ ᠤ ᠠᠮᠤᠷ ᠲᠦᠪᠰᠢᠨ ᠤ ᠦᠵᠡᠰᠭᠦᠯᠡᠩ ᠤᠨ ᠴᠤᠭᠯᠠᠭᠠᠨ ᠤ ᠲᠤᠬᠠᠢ ᠶᠢᠨ ᠲᠠᠯᠠᠪᠠᠶ ᠠᠴᠠ ᠣᠶᠢᠯᠠᠭᠠᠭᠰᠠᠨ ᠢᠶᠠᠷ᠂ ᠲᠣᠰ ᠤᠳᠠᠭ᠎ᠠ ᠶᠢᠨ ᠦᠵᠡᠰᠭᠦᠯᠡᠩ ᠤᠨ ᠴᠤᠭᠯᠠᠭᠠᠨ ᠨᠢ 16 ᠤ ᠡᠳᠦᠷ ᠪᠤᠯᠲᠠᠯ᠎ᠠ ᠦᠷᠭᠦᠯᠵᠢᠯᠡᠵᠦ᠂ ᠨᠡᠶᠢᠲᠡ 70 ᠭᠠᠷᠤᠢ ᠠᠵᠤ ᠠᠬᠤᠶᠢᠯᠠᠯ ᠦᠵᠡᠭᠦᠯᠭᠡ ᠳᠤ ᠣᠷᠣᠯᠴᠠᠵᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ᠂ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠬᠤ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠂ ᠰᠦᠯᠵᠢᠶᠡᠨ ᠤ ᠠᠮᠤᠷ ᠲᠦᠪᠰᠢᠨ ᠤ ᠦᠢᠯᠡᠳᠬᠦᠨ ᠬᠢᠭᠡᠳ ᠦᠢᠯᠡᠴᠢᠯᠡᠭᠡ ᠵᠡᠷᠭᠡ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠢ ᠲᠣᠬᠢᠷᠠᠭᠤᠯᠪᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号