ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠤᠨ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ︽ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ︾ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/15
      ᠶᠡᠷᠦᠩᠬᠡᠢ ᠱᠦᠵᠢ ᠰᠢ ᠶᠢᠨ ᠫᠢᠩ ᠤᠨ ︽ᠵᠠᠷᠭᠤ ᠶᠢᠨ ᠪᠤᠰᠤ ᠵᠢᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ  ᠶᠢ ᠲᠡᠷᠢᠭᠦᠨ ᠳᠤ ᠲᠠᠯᠪᠢᠬᠤ︾ ᠲᠤᠬᠠᠢ ᠴᠢᠬᠤᠯᠠ ᠵᠢᠭᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 14 ᠤ ᠡᠳᠦᠷ᠂ ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠤᠨ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ︽ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯᠯᠠᠬᠤ ᠲᠠᠰᠤᠭ︾ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠣᠳᠥ ᠬᠠᠮᠲᠤ ᠪᠠᠷ ᠠᠵᠢᠯᠯᠠᠬᠤ ᠲᠠᠰᠤᠭ ᠤᠨ ᠫᠠᠶᠢᠰᠠ ᠰᠡᠬᠦᠪᠡ᠃
     ᠠᠬᠢᠭᠤᠯᠬᠤ ᠬᠤᠷᠠᠯ ᠳᠡᠭᠡᠷ᠎ᠡ᠂ ᠷᠧᠨ ᠶᠠᠨ ᠰᠢᠶᠠᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠫᠠᠶᠢᠰᠠ ᠰᠡᠬᠦᠬᠦ ᠶᠣᠰᠣᠯᠠᠯ ᠢᠶᠠᠷ ᠡᠬᠢᠯᠡᠯᠲᠡ ᠪᠣᠯᠭᠠᠵᠤ᠂ ᠠᠵᠢᠯᠯᠠᠬᠤ ᠲᠠᠰᠤᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠰᠠᠶᠢᠲᠤᠷ ᠠᠰᠢᠭᠯᠠᠨ᠂ ᠠᠵᠢᠯᠯᠠᠬᠤ ᠲᠠᠰᠤᠭ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠨᠢᠭᠲᠠ ᠬᠠᠷᠢᠯᠴᠠᠬᠤ ︽ᠰᠢᠨ᠎ᠡ ᠬᠤᠯᠪᠣᠭᠠᠰᠤ︾᠂ ᠠᠷᠠᠳ ᠤᠨ ᠰᠢᠭᠦᠬᠦ ᠬᠤᠷᠢᠶ᠎ᠠ ᠪᠣᠯᠣᠨ ᠠᠷᠠᠳ ᠣᠯᠠᠨ ᠤ ᠰᠣᠯᠢᠯᠴᠠᠭᠠᠨ ᠤ ︽ᠰᠡᠳᠬᠢᠯ ᠤᠨ ᠬᠥᠭᠦᠷᠭᠡ︾ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠬᠤᠶᠢᠰᠢᠳᠠ ᠶᠢᠨ ᠠᠵᠢᠯ ᠤᠨ ᠳᠤᠮᠳᠠ᠂ ᠰᠢᠶᠠᠨ ᠤ ᠠᠷᠠᠳ ᠤᠨ ᠰᠢᠭᠦᠬᠦ ᠬᠤᠷᠢᠶ᠎ᠠ ᠣᠯᠠᠨ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠠ ᠲᠤᠰᠤᠯᠲᠠ ᠪᠣᠯᠭᠠᠵᠤ᠂ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠪᠣᠯᠣᠨ ᠰᠢᠭᠦᠬᠦ ᠬᠤᠷᠢᠶᠠᠨ ᠤ ᠠᠵᠢᠯ ᠢ ᠬᠠᠷᠢᠯᠴᠠᠨ ᠵᠣᠯᠭᠠᠭᠤᠯᠵᠤ᠂ ᠬᠤᠶᠠᠷ ᠲᠠᠯ᠎ᠠ ᠪᠠᠷ ᠠᠬᠢᠭᠤᠯᠤᠨ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠲᠠᠰᠤᠭ︾ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠦᠨᠵᠡᠭᠡᠢ ᠣᠷᠣᠯᠴᠠᠬᠤ᠂ ᠠᠷᠠᠳ ᠤᠨ ᠰᠠᠨᠠᠭ᠎ᠠ ᠶᠢ ᠥᠷᠭᠡᠨ ᠢᠶᠠᠷ ᠬᠦᠯᠢᠶᠡᠨ ᠠᠪᠬᠤ᠂ ᠵᠠᠢ ᠵᠠᠪᠰᠠᠷ ᠦᠭᠡᠢ ᠪᠠᠷ ᠬᠢᠨᠠᠯᠲᠠ ᠲᠠᠯᠪᠢᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠳᠤ ᠣᠷᠣᠯᠴᠠᠬᠤ ᠶᠢ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠶᠢᠰᠢ ᠥᠷᠭᠡᠳᠬᠡᠬᠦ ᠶᠢ ᠬᠦᠴᠦᠯᠡᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠳᠤ ᠣᠷᠣᠯᠴᠠᠬᠤ ᠳᠤ ᠪᠦᠬᠦ ᠬᠦᠴᠦᠨ ᠢᠶᠠᠷ ᠢᠶᠠᠨ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠠᠬᠢᠭᠤᠯᠬᠤ᠂ ᠦᠴᠦᠸᠠᠨ ᠰᠢᠶᠠᠨ ᠤ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃      ᠳᠠᠷᠠᠭ᠎ᠠ ᠪᠠᠷ ᠨᠢ ᠬᠤᠷᠠᠯ ᠳᠤ ᠣᠷᠣᠯᠴᠠᠭᠰᠠᠳ ᠰᠢᠶᠠᠨ ᠤ ᠰᠢᠭᠦᠬᠦ ᠬᠤᠷᠢᠶᠠᠨ ᠤ ︽ᠡᠷᠲᠡᠨ ᠤ ᠪᠠᠯᠭᠠᠰᠤᠨ ᠤ ᠬᠤᠩᠬᠤᠨ ᠳᠠᠭᠤᠨ︾ ᠤ ᠨᠠᠮ ᠤᠨ ᠪᠠᠶᠢᠭᠤᠯᠤᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号