ᠬᠥᠬᠡᠬᠤᠲᠠ ᠶᠢᠨ ᠵᠡᠮᠳᠡᠭᠴᠦᠳ ᠵᠢᠴᠢ ᠵᠡᠮᠳᠡᠭᠴᠦᠳ ᠤᠨ ᠠᠵᠢᠯᠲᠠᠳ ᠤᠨ ︽ᠨᠡᠶᠢᠯᠡᠯ ᠬᠤᠨᠳᠠᠭᠠᠲᠤ︾ ᠥᠳᠥᠨ ᠪᠥᠮᠪᠦᠭᠡ ᠶᠢᠨ ᠤᠷᠤᠯᠳᠤᠭᠠᠨ ᠬᠢᠭᠡᠳ ᠵᠡᠮᠳᠡᠭᠴᠦᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠬᠤᠷᠠᠯ ᠦᠴᠦᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/15
     9 ᠰᠠᠷ᠎ᠠ ᠶᠢᠨ 12 ᠤᠨ ᠡᠳᠦᠷ᠂ ᠬᠥᠬᠡᠬᠤᠲᠠ ᠶᠢᠨ ᠵᠡᠮᠳᠡᠭᠴᠦᠳ ᠵᠢᠴᠢ ᠵᠡᠮᠳᠡᠭᠴᠦᠳ ᠤᠨ ᠠᠵᠢᠯᠲᠠᠳ ᠤᠨ ︽ᠨᠡᠶᠢᠯᠡᠯ ᠬᠤᠨᠳᠠᠭᠠᠲᠤ︾ ᠥᠲᠥᠨ ᠪᠥᠮᠪᠦᠭᠡ ᠶᠢᠨ ᠤᠷᠤᠯᠳᠤᠭᠠᠨ ᠬᠢᠭᠡᠳ ᠵᠡᠮᠳᠡᠭᠴᠦᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠬᠤᠷᠠᠯ ᠦᠴᠦᠸᠠᠨ ᠰᠢᠶᠠᠨ ᠳᠤ ᠶᠠᠪᠤᠭᠳᠠᠪᠠ᠃
     ᠤᠷᠤᠯᠳᠤᠭᠠᠨ ᠢ ᠵᠡᠮᠳᠡᠭᠴᠦᠳ ᠤᠨ ᠠᠵᠢᠯᠲᠠᠳ ᠤᠨ ᠳᠤᠭᠤᠶᠢᠯᠠᠩ ᠪᠠ ᠵᠡᠮᠳᠡᠭᠴᠦᠳ ᠤᠨ ᠳᠤᠭᠤᠶᠢᠯᠠᠩ ᠭᠡᠵᠦ ᠬᠤᠪᠢᠶᠠᠵᠤ᠂ ᠵᠡᠮᠳᠡᠭᠴᠦᠳ ᠤᠨ ᠳᠤᠭᠤᠶᠢᠯᠠᠩ ᠢ ᠪᠠᠰᠠ ᠮᠥᠴᠢ ᠵᠡᠮᠳᠡᠭᠴᠦᠳ ᠪᠠ ᠰᠣᠨᠣᠷ ᠤᠨ ᠵᠡᠮᠳᠡᠭᠴᠦᠳ ᠤᠨ ᠳᠤᠭᠤᠶᠢᠯᠠᠩ ᠭᠡᠵᠦ ᠬᠤᠪᠢᠶᠠᠪᠠ᠂ ᠨᠢᠭᠡ ᠡᠳᠦᠷ ᠤᠨ ᠤᠷᠤᠯᠳᠤᠭᠠᠨ ᠢᠶᠠᠷ ᠳᠠᠮᠵᠢᠭᠠᠳ ᠵᠡᠮᠳᠡᠭᠴᠦᠳ ᠤᠨ ᠠᠵᠢᠯᠲᠠᠳ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠢ ᠦᠴᠦᠸᠠᠨ ᠰᠢᠶᠠᠨ ᠤ ᠲᠥᠯᠥᠭᠡᠯᠡᠭᠴᠢᠳ ᠤᠨ ᠠᠩᠭᠢ ᠠᠴᠠ ᠣᠯᠵᠤ᠂ ᠮᠥᠴᠢ ᠵᠡᠮᠳᠡᠭᠴᠦᠳ ᠤᠨ ᠳᠤᠭᠤᠶᠢᠯᠠᠩ ᠪᠠ ᠰᠣᠨᠣᠷ ᠤᠨ ᠵᠡᠮᠳᠡᠭᠴᠦᠳ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠢ ᠲᠤᠰ ᠲᠤᠰ ᠬᠤᠲᠣᠩ ᠠᠷᠠᠳ ᠤᠨ ᠲᠣᠭᠤᠷᠢᠭ ᠪᠠ ᠰᠠᠶᠢᠬᠠᠨ ᠲᠣᠭᠤᠷᠢᠭ ᠤᠨ ᠲᠥᠯᠥᠭᠡᠯᠡᠭᠴᠢᠳ ᠤᠨ ᠠᠩᠭᠢ ᠠᠴᠠ ᠣᠯᠣᠭᠰᠠᠨ ᠪᠠᠶᠢᠨ᠎ᠠ᠃
     ᠡᠨᠡ ᠬᠤᠭᠤᠴᠠᠭᠠᠨ ᠳᠤ᠂ ᠲᠣᠭᠤᠷᠢᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠦᠴᠦᠸᠠᠨ ᠰᠢᠶᠠᠨ ᠤ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ᠂ ᠨᠠᠰᠤᠨ ᠳᠤ ᠬᠦᠷᠦᠭᠰᠡᠳ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ᠂ ᠴᠢᠩ ᠯᠦᠩ ᠵᠡᠮᠳᠡᠭᠴᠦᠳ ᠢ ᠬᠠᠪᠰᠤᠷᠤᠨ ᠠᠵᠢᠯ ᠣᠯᠭᠤᠬᠤ ᠡᠳᠦᠷ ᠲᠤᠲᠤᠮ ᠤᠨ ᠠᠮᠢᠳᠤᠷᠠᠯ ᠳᠤ ᠬᠡᠷᠡᠭᠯᠡᠬᠦ ᠬᠢᠮᠢ ᠶᠢᠨ ᠦᠢᠯᠡᠳᠬᠦᠨ ᠤ ᠬᠢᠵᠠᠭᠠᠷᠲᠤ ᠺᠣᠮᠫᠠᠨᠢ᠂ ᠦᠴᠦᠸᠠᠨ ᠰᠢᠶᠠᠨ ᠤ ᠱᠠᠨ ᠯᠢᠨ ᠴᠦᠩ ᠼᠤᠤ ᠲᠠᠬᠢᠶ᠎ᠠ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠵᠡᠮᠳᠡᠭᠴᠦᠳ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠪᠡ᠃ ᠵᠡᠮᠳᠡᠭᠴᠦᠳ ᠤᠨ ᠠᠵᠢᠯ ᠣᠯᠭᠤᠯᠲᠠ ᠶᠢᠨ ᠪᠠᠶᠢᠳᠠᠯ᠂ ᠴᠠᠯᠢᠩ ᠣᠯᠭᠤᠮᠵᠢ᠂ ᠵᠡᠮᠳᠡᠭᠴᠦᠳ ᠤᠨ ᠦᠢᠯᠡᠰ ᠴᠣᠭᠴᠠᠯᠠᠬᠤ ᠲᠥᠷᠥᠯ ᠵᠦᠢᠯ᠂ ᠡᠷᠡᠭᠦᠯᠵᠢᠯ ᠤᠨ ᠲᠠᠯᠠᠪᠤᠷ ᠭᠠᠵᠠᠷ᠂ ᠡᠷᠡᠭᠦᠯᠵᠢᠯ ᠤᠨ ᠪᠣᠯᠪᠠᠰᠤᠷᠠᠯ ᠵᠡᠷᠭᠡ ᠠᠭᠤᠯᠭ᠎ᠠ ᠶᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠡᠯ᠎ᠡ ᠲᠣᠭᠤᠷᠢᠨ ᠦᠵᠡᠬᠦ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠠᠶᠢᠭᠤᠯᠤᠮᠵᠢ ᠶᠢᠨ ᠡᠵᠡᠩᠨᠡᠯᠲᠡ᠂ ᠦᠢᠯᠡᠴᠢᠯᠡᠭᠡᠨ ᠤ ᠵᠠᠭᠪᠤᠷ᠂ ᠵᠡᠮᠳᠡᠭᠴᠦᠳ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠣᠯᠵᠤ ᠦᠢᠯᠡᠰ ᠴᠣᠭᠴᠠᠯᠠᠬᠤ ᠠᠭᠤᠯᠭ᠎ᠠ ᠵᠡᠷᠭᠡ ᠶᠢᠨ ᠲᠠᠯ᠎ᠠ ᠪᠠᠷ ᠰᠠᠨᠠᠯ ᠢᠶᠠᠨ ᠰᠣᠯᠢᠯᠴᠠᠪᠠ᠃      ᠲᠤᠰ ᠤᠳᠠᠭ᠎ᠠ ᠶᠢᠨ ᠲᠤᠬᠠᠢ ᠶᠢᠨ ᠲᠠᠯᠠᠪᠠᠢ ᠶᠢᠨ ᠲᠣᠭᠤᠷᠢᠨ ᠦᠵᠡᠬᠦ ᠬᠤᠷᠠᠯ ᠨᠢ ᠰᠤᠷᠤᠯᠴᠠᠨ ᠲᠣᠯᠢᠯᠠᠬᠤ᠂ ᠰᠠᠶᠢᠨ ᠲᠠᠢ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠬᠦ ᠪᠠᠷ ᠳᠠᠮᠵᠢᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠵᠡᠮᠳᠡᠭᠴᠦᠳ ᠤᠨ ᠪᠦᠬᠦ ᠲᠠᠯ᠎ᠠ ᠶᠢᠨ ᠠᠵᠢᠯ ᠣᠯᠭᠤᠯᠲᠠ ᠶᠢ ᠠᠬᠢᠭᠤᠯᠵᠤ᠂ ᠵᠡᠮᠳᠡᠭᠴᠦᠳ ᠲᠤ ᠨᠡᠩ ᠰᠠᠶᠢᠨ ᠦᠢᠯᠡᠴᠢᠯᠡᠭᠡ ᠪᠠ ᠳᠡᠮᠵᠢᠯᠭᠡ ᠬᠠᠩᠭᠠᠵᠤ᠂ ᠪᠦᠬᠦ ᠬᠤᠳᠠ ᠶᠢᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠬᠤ ᠵᠣᠷᠢᠯᠭ᠎ᠠ ᠲᠠᠢ ᠶᠤᠮ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号