ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠡ ᠶᠢ | ᠦᠨᠳᠦᠰᠦᠯᠡᠪᠡᠯ᠂ ᠪᠦᠭᠦ ᠣᠷᠣᠨ ᠤ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠭᠠᠷᠠᠭ | ᠪᠦᠷᠢ ᠶᠢᠨ ᠵᠢᠷᠭᠤᠭᠠᠨ᠂ ᠭᠠᠷᠠᠭ ᠤᠨ ᠡᠳᠦᠷ ᠤᠨ ᠦᠳᠡ ᠶᠢᠨ ᠡᠮᠦᠨᠡᠬᠢ 9᠄ 00 -12᠄ 00 ᠲᠤ ᠭᠠᠷᠠᠭ ᠤᠨ | ᠰᠡᠭᠦᠯᠴᠢ ᠶᠢᠨ ᠴᠠᠭ ᠤᠷᠲᠤᠳᠬᠠᠭᠰᠠᠨ ᠦᠢᠯᠡᠴᠢᠯᠡᠭᠡ ᠬᠠᠩᠭᠠᠵᠤ᠂ ᠬᠤᠲᠠ ᠶᠢᠨ ᠠᠷᠠᠳ ᠪᠣᠯᠵᠣᠬᠤ ᠬᠡᠷᠡᠭ ᠦᠭᠡᠢ᠂ | ᠰᠢᠭᠤᠳ ᠬᠦᠷᠴᠦ ᠭᠦᠢᠴᠡᠳᠬᠡᠵᠦ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠡᠷᠭᠢᠯᠡᠭᠴᠢ ᠵᠧᠩ ᠴᠢᠩ ᠲᠠᠨᠢᠯᠴᠠᠭᠤᠯᠤᠭᠰᠠᠨ ᠢᠶᠠᠷ᠂ | ︽ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠴᠠᠭ ᠤᠷᠲᠤᠳᠬᠠᠬᠤ ᠦᠢᠯᠡᠴᠢᠯᠡᠭᠡ | ᠬᠠᠩᠭᠠᠬᠤ ᠶᠢ ᠠᠬᠢᠭᠤᠯᠬᠤ︾ ᠪᠣᠯ 2023 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ | ᠭᠤᠣᠯᠳᠠᠯᠭ᠎ᠠ ᠲᠠᠢ ᠡᠭᠦᠷᠭᠡ ᠶᠢᠨ ᠨᠢᠭᠡ ᠮᠥᠨ᠂ ᠪᠠᠰᠠ ᠴᠤ ︽ᠠᠷᠠᠳ ᠤᠨ ᠠᠮᠢᠳᠤᠷᠠᠯ ᠤᠨ 43 ᠪᠣᠳᠠᠲᠤ | ᠶᠠᠪᠤᠳᠠᠯ ᠤᠨ ᠵᠦᠢᠯᠡᠰ︾ ᠤᠨ ᠨᠢᠭᠡ ᠮᠥᠨ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠷ | ᠬᠠᠷᠠᠯᠲᠠ ᠪᠤᠯᠭᠠᠵᠤ᠂ ᠴᠠᠭ ᠤᠷᠲᠤᠳᠬᠠᠨ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠭᠦ | ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠣᠯᠠᠨ ᠵᠦᠢᠯᠡᠰ ᠲᠤ | ᠴᠠᠭ ᠤᠷᠲᠤᠳᠬᠠᠨ ᠦᠢᠯᠡᠴᠢᠯᠡᠬᠦ ᠶᠢ ᠠᠬᠢᠭᠤᠯᠤᠨ᠎ᠠ ᠭᠡᠵᠡᠢ᠃ | ᠨᠢᠭᠡ ᠳᠤ᠂ 7 ᠰᠠᠷ᠎ᠠ ᠳᠤ︽ᠪᠦᠭᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠴᠠᠭ ᠤᠷᠲᠤᠳᠬᠠᠨ ᠦᠢᠯᠡᠴᠢᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠠᠭ | ᠤᠷᠲᠤᠳᠬᠠᠨ ᠦᠢᠯᠡᠴᠢᠯᠡᠬᠦ ᠴᠠᠭ ᠵᠢᠴᠢ ᠦᠢᠯᠡᠴᠢᠯᠡᠭᠡᠨ ᠤ ᠵᠠᠭᠪᠤᠷ ᠢ ᠨᠢᠭᠡᠳᠬᠡᠪᠡ᠃ | ᠬᠤᠶᠠᠷ ᠲᠤ᠂ ᠴᠠᠭ ᠤᠷᠲᠤᠳᠬᠠᠭᠰᠠᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ ᠨᠣᠷᠮ᠎ᠠ ᠶᠢ | ᠳᠡᠭᠡᠭᠰᠢᠯᠡᠭᠦᠯᠵᠦ᠂ ᠠᠵᠤ ᠠᠬᠤᠶᠢᠯᠠᠯ ᠣᠯᠠᠨ ᠲᠦᠮᠡᠨ ᠲᠠᠢ ᠣᠶᠢᠷᠠᠲᠤᠬᠤ ᠥᠨᠳᠥᠷ ᠳᠠᠪᠲᠠᠮᠵᠢᠲᠤ ᠵᠦᠢᠯᠡᠰ ᠢ | ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠭᠰᠠᠨ ᠦᠢᠯᠡᠴᠢᠯᠡᠭᠡᠨ ᠤ ᠬᠡᠪᠴᠢᠶᠡᠨ ᠳᠤ ᠪᠦᠭᠦ ᠲᠠᠯ᠎ᠠ ᠪᠠᠷ | ᠣᠷᠣᠭᠤᠯᠵᠤ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ᠂ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ | ᠡᠷᠡᠭᠦᠯ ᠬᠠᠮᠠᠭᠠᠯᠠᠯ᠂ ᠢᠳᠡᠭᠡᠨ ᠵᠡᠷᠭᠡ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠭᠠᠷᠠᠭ ᠤᠨ ᠰᠡᠭᠦᠯᠴᠢ ᠶᠢᠨ ᠴᠠᠭ ᠤᠷᠲᠤᠳᠬᠠᠭᠰᠠᠨ ᠦᠢᠯᠡᠴᠢᠯᠡᠭᠡ ᠶᠢ ᠪᠦᠷᠢᠨ ᠪᠦᠷᠬᠦᠭᠦᠯᠵᠦ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠠᠭ ᠤᠷᠲᠤᠳᠬᠠᠭᠰᠠᠨ ᠦᠢᠯᠡᠴᠢᠯᠡᠭᠡᠨ ᠤ ᠵᠦᠢᠯᠡᠰ ᠨᠢ | ᠡᠷᠬᠡ ᠣᠯᠭᠤᠵᠤ ᠣᠷᠣᠵᠤ ᠰᠠᠭᠤᠭᠰᠠᠨ ᠵᠦᠢᠯᠡᠰ ᠤᠨ 90% ᠠᠴᠠ ᠳᠡᠭᠡᠭᠰᠢᠬᠢ ᠶᠢ ᠡᠵᠡᠯᠡᠪᠡ᠃ | ᠭᠤᠷᠪᠠ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠴᠠᠭ ᠤᠷᠲᠤᠳᠬᠠᠨ ᠦᠢᠯᠡᠴᠢᠯᠡᠬᠦ ᠠᠵᠢᠯ ᠢ ᠰᠠᠷ᠎ᠠ ᠪᠠᠷ ᠲᠣᠬᠢᠷᠠᠭᠤᠯᠵᠤ᠂ ᠲᠤᠰᠬᠠᠢ ᠬᠥᠮᠥᠨ | ᠲᠣᠬᠢᠷᠠᠭᠤᠯᠤᠨ ᠠᠵᠢᠯ ᠤᠨ ᠲᠠᠰᠢᠷᠠᠮ ᠢᠶᠠᠷ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠪᠣᠯᠵᠣᠵᠤ ᠠᠰᠠᠭᠤᠨ ᠯᠠᠪᠯᠠᠬᠤ ᠤᠲᠠᠰᠤ ᠶᠢ ᠤᠲᠠᠰᠤᠳᠠᠭᠤᠯᠵᠤ᠂ ᠴᠠᠭ ᠤᠷᠲᠤᠳᠬᠠᠨ ᠦᠢᠯᠡᠴᠢᠯᠡᠬᠦ ᠶᠢ | ᠬᠡᠷᠡᠭᠵᠢᠭᠦᠯᠦᠭᠰᠡᠨ ᠪᠠᠶᠢᠳᠠᠯ ᠢ ᠰᠤᠭᠤᠴᠢᠨ ᠪᠠᠶᠢᠴᠠᠭᠠᠵᠤ᠂ ᠨᠠᠷᠢᠨ ᠲᠠᠩᠰᠠᠴᠢᠯᠠᠬᠰᠠᠨ ᠲᠣᠬᠢᠷᠠᠭᠤᠯᠬᠤ ᠡᠬᠡ | ᠲᠠᠩᠰᠠ ᠶᠢ ᠪᠦᠷᠢᠯᠳᠦᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠵᠦ᠂ ᠮᠥᠷᠳᠡᠨ ᠦᠷ᠎ᠡ ᠪᠦᠲᠦᠮᠵᠢ ᠶᠢ | ᠠᠰᠠᠭᠤᠵᠤ᠂ ᠴᠠᠭ ᠤᠷᠲᠤᠳᠬᠠᠨ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠦᠨ᠎ᠡ᠃ | ᠣᠳᠣᠬᠠᠨ ᠪᠤᠯᠲᠠᠯ᠎ᠠ᠂ ᠪᠦᠭᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠤᠨ ᠴᠠᠭ ᠤᠷᠲᠤᠳᠬᠠᠬᠤ ᠦᠢᠯᠡᠴᠢᠯᠡᠭᠡᠨ ᠤ ᠵᠦᠢᠯᠡᠰ ᠢ ᠨᠡᠶᠢᠲᠡᠯᠡᠭᠰᠡᠨ ᠲᠤᠭ᠎ᠠ 16.4 ᠲᠦᠮᠡ ᠭᠠᠷᠤᠢ | ᠵᠦᠢᠯ ᠪᠠᠶᠢᠵᠤ᠂ ᠵᠦᠢᠯᠡᠰ ᠤᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 104924 ᠵᠦᠢᠯ ᠨᠡᠮᠡᠭᠳᠡᠵᠦ᠂ | 176.5% ᠪᠠᠷ ᠳᠡᠭᠡᠭᠰᠢᠯᠡᠵᠡᠢ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠠᠴᠠ ᠡᠷᠬᠡ ᠣᠯᠭᠤᠵᠤ ᠣᠷᠣᠵᠤ ᠰᠠᠭᠤᠭᠰᠠᠨ 1577 ᠵᠦᠢᠯ ᠢ ᠪᠦᠭᠦᠨ ᠢ ᠴᠠᠭ | ᠤᠷᠲᠤᠳᠬᠠᠭᠰᠠᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠳᠤ ᠣᠷᠣᠭᠤᠯᠵᠤ᠂ ᠴᠠᠭ ᠤᠷᠲᠤᠳᠬᠠᠭᠰᠠᠨ | ᠦᠢᠯᠡᠴᠢᠯᠡᠭᠡ ᠶᠢ ᠨᠡᠶᠢᠲᠡ 791 ᠬᠤᠪᠢ ᠭᠦᠢᠴᠡᠳᠬᠡᠵᠦ᠂ ᠣᠯᠠᠨ ᠳᠠᠪᠲᠠᠭᠳᠠᠵᠤ ᠪᠠᠶᠢᠭ᠎ᠠ ᠵᠦᠢᠯᠡᠰ ᠨᠢ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ᠂ ᠵᠢᠭᠡᠯᠡᠯᠭᠡ᠂ ᠡᠮ ᠡᠮᠨᠡᠯᠭᠡ ᠶᠢᠨ ᠳᠠᠭᠠᠳᠬᠠᠯ ᠤᠨ | ᠣᠨᠳᠣᠣ ᠭᠠᠵᠠᠷ ᠲᠤ ᠡᠮᠨᠡᠭᠦᠯᠦᠭᠰᠡᠨ ᠢ ᠳᠠᠩᠰᠠᠯᠠᠬᠤ ᠵᠡᠷᠭᠡ ᠪᠣᠯᠣᠨ᠎ᠠ᠃ |