9 ᠰᠠᠷ᠎ᠠ ᠶᠢᠨ 14 ᠤ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠣᠷᠣᠨ ᠤ ᠠᠩᠬᠠᠳᠠᠭᠴᠢ | ︽ᠮᠡᠳᠡᠯᠭᠡ ᠶᠢᠨ ᠥᠮᠴᠢᠯᠡᠬᠦ ᠡᠷᠬᠡ ᠶᠢᠨ ᠵᠢᠵᠢᠭ ᠪᠠᠯᠭᠠᠰᠤ︾ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠳᠤ | ᠪᠠᠶᠢᠭᠤᠯᠤᠭᠳᠠᠪᠠ᠃ | ᠨᠢᠩᠴᠧᠩ ᠰᠢᠶᠠᠨ ᠤ ᠪᠤᠷᠬᠠᠨᠲᠤ ᠪᠠᠯᠭᠠᠰᠤᠨ ᠤ ᠮᠢᠩᠭᠠᠨ ᠵᠢᠯ ᠰᠢᠬᠠᠮ ᠤᠨ ᠠᠷᠢᠬᠢ ᠨᠡᠷᠡᠬᠦ ᠲᠡᠦᠬᠡ ᠰᠣᠶᠣᠯ | ᠪᠠ ︽ᠨᠢᠩᠴᠧᠩ ᠤᠨ ᠬᠠᠭᠤᠴᠢᠨ ᠵᠣᠭᠤᠷᠢ︾ ᠶᠢᠨ ᠨᠠᠷᠠᠲᠤ ᠲᠡᠮᠳᠡᠭ ᠢᠶᠠᠷ ᠲᠦᠷᠦᠭᠦᠯᠡᠭᠦᠯᠦᠭᠰᠡᠨ 310 ᠬᠦᠴᠦᠨ | ᠪᠦᠬᠦᠢ ᠲᠠᠸᠠᠷ ᠤᠨ ᠲᠡᠮᠳᠡᠭ᠂ 23 ᠲᠤᠰᠬᠠᠢ ᠠᠰᠢᠭ᠂ 2 ᠬᠡᠪᠯᠡᠯ ᠤᠨ ᠡᠷᠬᠡ ᠵᠡᠷᠭᠡ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ︽ᠪᠤᠷᠬᠠᠨᠲᠤ ᠮᠡᠳᠡᠯᠭᠡ ᠶᠢᠨ | ᠥᠮᠴᠢᠯᠡᠬᠦ ᠡᠷᠬᠡ ᠶᠢᠨ ᠵᠢᠵᠢᠭ ᠪᠠᠯᠭᠠᠰᠤ︾ ᠶᠢ ᠪᠦᠭᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠪᠠ᠃ | ᠪᠦᠲᠦᠭᠡᠨ ᠪᠠᠶᠢᠭᠤᠯᠬᠤ ᠬᠤᠭᠤᠴᠠᠭ᠎ᠠ ᠨᠢ 2 ᠵᠢᠯ ᠪᠣᠯᠣᠨ᠎ᠠ | ︽ᠮᠡᠳᠡᠯᠭᠡ ᠶᠢᠨ ᠥᠮᠴᠢᠯᠡᠬᠦ ᠡᠷᠬᠡ ᠶᠢᠨ ᠵᠢᠵᠢᠭ ᠪᠠᠯᠭᠠᠰᠤ︾ ᠶᠢ ᠪᠦᠲᠦᠭᠡᠨ ᠪᠠᠶᠢᠭᠤᠯᠬᠤ ᠬᠤᠭᠤᠴᠠᠭ᠎ᠠ ᠨᠢ 2 | ᠵᠢᠯ ᠪᠠᠶᠢᠵᠤ᠂ ᠮᠡᠳᠡᠯᠭᠡ ᠶᠢᠨ ᠥᠮᠴᠢᠯᠡᠬᠦ ᠡᠷᠬᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ | ᠬᠥᠭᠵᠢᠭᠦᠯᠬᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠦᠴᠦᠨ | ᠨᠡᠮᠡᠷᠢᠯᠡᠬᠦ᠂ ᠮᠡᠳᠡᠯᠭᠡ ᠶᠢᠨ ᠥᠮᠴᠢᠯᠡᠬᠦ ᠡᠷᠬᠡ ᠶᠢᠨ ᠰᠢᠨ᠎ᠡ ᠶᠢ ᠡᠭᠦᠳᠬᠦ ᠭᠤᠣᠯ ᠴᠣᠭᠴᠠ ᠶᠢ ᠬᠥᠮᠥᠵᠢᠭᠦᠯᠬᠦ᠂ | ᠮᠡᠳᠡᠯᠭᠡ ᠶᠢᠨ ᠥᠮᠴᠢᠯᠡᠬᠦ ᠡᠷᠬᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠣᠪᠤᠶᠢᠯᠭᠠᠬᠤ᠂ ᠮᠡᠳᠡᠯᠭᠡ ᠶᠢᠨ ᠥᠮᠴᠢᠯᠡᠬᠦ | ᠡᠷᠬᠡ ᠶᠢᠨ ᠰᠣᠶᠣᠯ ᠢ ᠠᠬᠢᠭᠤᠯᠬᠤ ᠲᠠᠪᠤᠨ ᠲᠠᠯ᠎ᠠ ᠪᠠᠷ ᠪᠦᠲᠦᠭᠡᠨ ᠪᠠᠶᠢᠭᠤᠯᠤᠯᠲᠠ ᠬᠢᠵᠦ᠂ 2025 ᠣᠨ ᠪᠤᠯᠬᠤ ᠳᠤ | ︽ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠭᠰᠡᠨ᠂ ᠪᠦᠲᠦᠮᠵᠢᠲᠡᠶ ᠬᠠᠮᠠᠭᠠᠯᠠᠬᠤ᠂ ᠬᠡᠷᠡᠭᠯᠡᠯᠲᠡ ᠶᠢᠨ | ᠦᠷ᠎ᠡ ᠠᠰᠢᠭ ᠲᠣᠪᠣᠶᠢᠮ᠎ᠠ᠂ ᠦᠢᠯᠡᠴᠢᠯᠡᠭᠡᠨ ᠤ ᠬᠠᠩᠭᠠᠯᠭ᠎ᠠ ᠥᠨᠳᠥᠷ ᠪᠦᠲᠦᠮᠵᠢᠲᠡᠶ᠂ ᠰᠣᠶᠣᠯ ᠤᠨ ᠠᠭᠤᠷ ᠠᠮᠢᠰᠬᠤᠯ | ᠭᠦᠨ ᠵᠤᠵᠠᠭᠠᠨ︾ ᠮᠡᠳᠡᠯᠭᠡ ᠶᠢᠨ ᠥᠮᠴᠢᠯᠡᠬᠦ ᠡᠷᠬᠡ ᠶᠢᠨ ᠣᠨᠴᠠᠯᠢᠭᠲᠤ ᠠᠴᠢᠶᠠᠯᠠᠪᠤᠷᠢ ᠪᠠ ᠦᠢᠯᠡᠰ ᠪᠣᠰᠬᠠᠬᠤ | ᠨᠡᠪᠴᠢᠭᠦᠯᠦᠭᠦᠷ ᠢ ᠪᠠᠶᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠤᠯᠬᠤ᠂ ᠳᠡᠯᠭᠡᠷᠡᠭᠦᠯᠵᠦ ᠪᠤᠯᠬᠤ ᠭᠠᠷᠤᠯᠲᠠ ᠲᠠᠢ | ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢ ᠪᠤᠢ ᠪᠤᠯᠭᠠᠵᠤ᠂ ᠤᠯᠠᠭᠠᠨᠬᠠᠳᠠ ᠬᠤᠲᠠ ᠶᠢᠨ | ᠮᠡᠳᠡᠯᠭᠡ ᠶᠢᠨ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠬᠦᠴᠦᠲᠡᠢ | ᠲᠤᠯᠭᠠᠭᠤᠷᠢᠯᠠᠯ ᠬᠠᠩᠭᠠᠨ᠎ᠠ᠃ | ᠮᠡᠳᠡᠯᠭᠡ ᠶᠢᠨ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠢᠶᠠᠷ᠂ ᠵᠢᠯᠣᠭᠤᠳᠤᠯᠭ᠎ᠠ ᠦᠢᠯᠡᠴᠢᠯᠡᠭᠡ ᠶᠢ | ᠰᠠᠶᠢᠲᠤᠷ ᠬᠢᠵᠦ᠂ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠮᠡᠳᠡᠯᠭᠡ ᠶᠢᠨ ᠥᠮᠴᠢᠯᠡᠬᠦ ᠡᠷᠬᠡ ᠬᠢᠭᠡᠳ | ᠣᠷᠣᠨ ᠪᠦᠰᠡ ᠶᠢᠨ ᠠᠵᠤ ᠠᠬᠤᠢ ᠶᠢ ᠨᠡᠶᠢᠳᠬᠡᠨ ᠬᠥᠭᠵᠢᠭᠦᠯᠵᠦ᠂ ᠬᠠᠮᠲᠤ ᠪᠠᠷ ᠪᠤᠷᠬᠠᠨᠲᠤ ᠪᠠᠯᠭᠠᠰᠤ ᠶᠢ | ᠮᠡᠳᠡᠯᠭᠡ ᠶᠢᠨ ᠥᠮᠴᠢᠯᠡᠬᠦ ᠡᠷᠬᠡ ᠶᠢᠨ ᠬᠦᠴᠦᠷᠬᠡᠭ ᠪᠠᠯᠭᠠᠰᠤ ᠪᠣᠯᠭᠠᠨ ᠪᠠᠶᠢᠭᠤᠯᠤᠨ᠎ᠠ ᠭᠡᠵᠡᠶ︔ ᠮᠡᠳᠡᠯᠭᠡ ᠶᠢᠨ | ᠥᠮᠴᠢᠯᠡᠬᠦ ᠡᠷᠬᠡ ᠪᠠᠷ ᠬᠤᠳᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠷ | ᠭᠠᠷᠳᠠᠴᠠ ᠪᠤᠯᠭᠠᠵᠤ᠂ ᠮᠡᠳᠡᠯᠭᠡ ᠶᠢᠨ ᠥᠮᠴᠢᠯᠡᠬᠦ ᠡᠷᠬᠡ ᠶᠢᠨ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ᠂ | ᠮᠡᠳᠡᠯᠭᠡ ᠶᠢᠨ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ |