ᠮᠠᠨ ᠤ ᠣᠷᠣᠨ ᠵᠢᠯ ᠳᠤ 50 ᠲᠦᠮᠡᠨ ᠲᠤᠨ ᠢᠳᠡᠭᠡᠨ ᠤ ᠳᠠᠪᠤᠰᠤ ᠦᠢᠯᠡᠳᠪᠦᠷᠢᠯᠡᠬᠦ ᠴᠢᠳᠠᠪᠤᠷᠢ ᠲᠠᠢ ᠪᠣᠯᠪᠠ
ᠨᠡᠶᠢᠲᠡᠯᠡᠭᠰᠡᠨ ᠴᠠᠭ᠄
2023/9/15
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠳᠤ ᠤᠳᠤ ᠢᠳᠡᠭᠡᠨ ᠤ ᠳᠠᠪᠤᠰᠤ ᠦᠢᠯᠡᠳᠪᠦᠷᠢᠯᠡᠬᠦ 4 ᠠᠵᠤ ᠠᠬᠤᠶᠢᠯᠠᠯ ᠲᠠᠢ ᠪᠠᠶᠢᠵᠤ᠂ ᠵᠢᠯ ᠳᠤ 50 ᠲᠦᠮᠡᠨ ᠲᠤᠨ ᠢᠳᠡᠭᠡᠨ ᠤ ᠳᠠᠪᠤᠰᠤ ᠦᠢᠯᠡᠳᠪᠦᠷᠢᠯᠡᠬᠦ ᠴᠢᠳᠠᠪᠤᠷᠢ ᠲᠠᠢ ᠪᠣᠯᠵᠠᠢ᠃      ᠤᠳᠤ ᠪᠦᠭᠦ ᠣᠷᠣᠨ ᠢᠶᠠᠷ ᠢᠶᠠᠨ ᠵᠢᠯ ᠳᠤ 12 ᠲᠦᠮᠡᠨ ᠳᠤᠨ ᠣᠷᠴᠢᠮ ᠢᠳᠡᠭᠡᠨ ᠤ ᠳᠠᠪᠤᠰᠤ ᠬᠡᠷᠡᠭᠰᠡᠵᠦ᠂ ᠮᠠᠨ ᠤ ᠣᠷᠣᠨ ᠤ ᠵᠠᠬ᠎ᠠ ᠳᠡᠯᠭᠡᠭᠦᠷ ᠲᠠᠬᠢ ᠢᠳᠡᠭᠡᠨ ᠤ ᠳᠠᠪᠤᠰᠤ ᠶᠢᠨ ᠶᠡᠬᠡᠩᠬᠢ ᠨᠢ ᠬᠤᠳᠳᠤᠭ ᠤᠨ ᠳᠠᠪᠤᠰᠤ ᠪᠤᠶᠤ ᠨᠠᠭᠤᠷ ᠤᠨ ᠳᠠᠪᠤᠰᠤ ᠪᠣᠯᠣᠨ᠎ᠠ᠃ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠤ ᠲᠠᠯ᠎ᠠ ᠨᠤᠲᠤᠭ  ᠤᠨ ᠭᠦᠨ ᠳᠠᠬᠢ ᠡᠵᠢᠨᠠᠭᠤᠷ ᠤᠨ ᠳᠠᠪᠤᠰᠤ ᠵᠢᠴᠢ ᠠᠯᠠᠱᠠ ᠠᠶᠢᠮᠠᠭ ᠤᠨ ᠵᠢᠷᠠᠲᠠᠢ ᠶᠢᠨ ᠳᠠᠪᠤᠰᠤ᠂ ᠶᠠᠪᠠᠷᠠᠢ ᠨᠠᠭᠤᠷ  ᠤᠨ ᠳᠠᠪᠤᠰᠤ ᠶᠢᠨ ᠭᠠᠷᠤᠯᠲᠠ ᠲᠣᠭᠲᠠᠭᠤᠨ ᠪᠥᠭᠡᠳ ᠬᠠᠩᠭᠠᠯᠭ᠎ᠠ ᠭᠦᠢᠴᠡᠳ ᠪᠠᠶᠢᠳᠠᠭ᠃ ᠣᠳᠣᠬᠠᠨ ᠳᠤ ᠮᠠᠨ ᠤ ᠣᠷᠣᠨ ᠳᠤ ᠢᠳᠡᠭᠡᠨ ᠤ ᠳᠠᠪᠤᠰᠤ ᠶᠢ ᠪᠥᠭᠡᠮ ᠢᠶᠠᠷ ᠪᠣᠷᠣᠯᠠᠭᠤᠯᠬᠤ 18 ᠠᠵᠤ ᠠᠬᠤᠶᠢᠯᠠᠯ ᠪᠣᠯᠣᠨ ᠪᠥᠭᠡᠮ ᠢᠶᠠᠷ ᠪᠣᠷᠣᠯᠠᠭᠤᠯᠬᠤ 80 ᠭᠠᠷᠤᠢ ᠴᠡᠭ ᠲᠠᠢ ᠮᠥᠷᠲᠡᠭᠡᠨ ᠡᠯ᠎ᠡ ᠠᠶᠢᠮᠠᠭ ᠬᠤᠳᠠ ᠳᠤ ᠴᠥᠮ ᠢᠳᠡᠭᠡᠨ ᠤ ᠳᠠᠪᠤᠰᠤ ᠬᠠᠩᠭᠠᠵᠤ ᠬᠦᠷᠭᠡᠬᠦ ᠲᠥᠪ ᠲᠠᠢ ᠪᠠᠶᠢᠵᠤ᠂ ᠵᠣᠬᠢᠴᠠᠭᠤᠯᠵᠤ ᠲᠣᠬᠢᠷᠠᠭᠤᠯᠬᠤ ᠪᠠᠷ ᠳᠠᠮᠵᠢᠨ ᠮᠠᠨ ᠤ ᠣᠷᠣᠨ ᠤ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠳᠠᠪᠤᠰᠤ ᠪᠠ ᠬᠥᠮᠥᠷᠭᠡ ᠳᠠᠬᠢ ᠨᠥᠭᠡᠴᠡ ᠳᠠᠪᠤᠰᠤ ᠣᠷᠣᠨ ᠤ ᠳᠣᠲᠣᠭᠠᠳᠤ  ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠭᠦ ᠪᠠᠷ ᠪᠠᠷᠠᠬᠤ ᠦᠭᠡᠢ ᠪᠠᠰᠠ ᠣᠷᠣᠨ ᠤ ᠭᠠᠳᠠᠨᠠᠬᠢ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠤ ᠬᠠᠩᠭᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号