ᠰᠤᠷᠪᠤᠯᠵᠢᠯᠠᠬᠴᠢ 12 ᠤᠨ ᠡᠳᠦᠷ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ | ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ ᠲᠡᠮᠦᠷ ᠵᠠᠮ ᠤᠨ ᠤᠯᠤᠰ ᠤᠨ ᠪᠠᠶᠠᠷ ᠤᠨ ᠠᠮᠠᠷᠠᠯᠲᠠ ᠶᠢᠨ | ᠭᠠᠷᠠᠭ ᠤᠨ ᠲᠡᠭᠡᠭᠡᠪᠦᠷᠢ 9 ᠰᠠᠷ᠎ᠠ ᠶᠢᠨ 27 ᠤ ᠡᠳᠦᠷ ᠠᠴᠠ ᠡᠬᠢᠯᠡᠵᠦ᠂ 10 ᠰᠠᠷ᠎ᠠ ᠶᠢᠨ 8 ᠤ ᠡᠳᠦᠷ ᠳᠠᠭᠤᠰᠴᠤ᠂ | 12 ᠡᠳᠦᠷ ᠤᠨ ᠬᠤᠭᠤᠴᠠᠭ᠎ᠠ ᠲᠠᠢ ᠦᠷᠭᠦᠯᠵᠢᠯᠡᠨ᠎ᠡ᠃ ᠵᠢᠱᠢᠯᠲᠡ ᠪᠠᠷ ᠪᠦᠭᠦ ᠤᠯᠤᠰ ᠤᠨ ᠲᠡᠮᠦᠷ ᠵᠠᠮ ᠨᠢ 1.9 | ᠳ᠋ᠦᠩᠰᠢᠭᠤᠷ ᠬᠥᠮᠥᠨ ᠤᠳᠠᠭ᠎ᠠ ᠶᠢᠨ ᠠᠶᠠᠨᠴᠢᠳ ᠢ ᠬᠦᠷᠭᠡᠬᠦ ᠪᠣᠯᠣᠨ᠎ᠠ᠃ ︽ᠲᠡᠮᠦᠷ ᠵᠠᠮ 12306︾ ᠨᠢ 9 | ᠰᠠᠷ᠎ᠠ ᠶᠢᠨ 13 ᠤ ᠡᠳᠦᠷ ᠠᠴᠠ ᠡᠬᠢᠯᠡᠨ ᠠᠮᠠᠷᠠᠯᠲᠠ ᠶᠢᠨ ᠭᠠᠷᠠᠭ ᠤᠨ ᠭᠠᠯᠲᠤ ᠲᠡᠷᠭᠡᠨ ᠪᠢᠯᠧᠲ ᠢ ᠬᠤᠳᠠᠯᠳᠤᠵᠤ᠂ | ᠵᠢᠱᠢᠯᠲᠡ ᠪᠠᠷ 9 ᠰᠠᠷ᠎ᠠ ᠶᠢᠨ 15 ᠤ ᠡᠳᠦᠷ ᠪᠢᠯᠧᠲ ᠬᠤᠳᠠᠯᠳᠤᠬᠤ ᠣᠷᠭᠢᠯ ᠤᠨ ᠦᠶ᠎ᠡ ᠳᠤ ᠬᠦᠷᠬᠦ ᠪᠣᠯᠣᠨ᠎ᠠ᠂ | ᠲᠤᠬᠠᠢ ᠶᠢᠨ ᠡᠳᠦᠷ ᠠᠴᠠ ᠡᠬᠢᠯᠡᠨ ᠠᠮᠠᠷᠠᠯᠲᠠ ᠶᠢᠨ ᠠᠩᠬᠠᠨ ᠤ ᠡᠳᠦᠷ ᠪᠤᠯᠬᠤ 9 ᠰᠠᠷ᠎ᠠ ᠶᠢᠨ 29 ᠤ ᠡᠳᠦᠷ ᠤᠨ | ᠲᠡᠷᠭᠡᠨ ᠪᠢᠯᠧᠲ ᠢ ᠬᠤᠳᠠᠯᠳᠤᠨ᠎ᠠ᠃ | ᠤᠯᠤᠰ ᠤᠨ ᠲᠡᠮᠦᠷ ᠵᠠᠮ ᠤᠨ ᠪᠦᠯᠦᠭᠯᠡᠯ ᠤᠨ ᠠᠶᠠᠨᠴᠢᠳ ᠤᠨ ᠲᠡᠭᠡᠭᠡᠪᠦᠷᠢ ᠶᠢᠨ ᠶᠠᠮᠤᠨ ᠤ | ᠬᠠᠷᠢᠭᠤᠴᠠᠯᠭᠠᠲᠠᠨ᠂ ᠡᠨᠡ ᠵᠢᠯ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ | ᠬᠤᠭᠤᠴᠠᠭ᠎ᠠ ᠳᠠᠪᠬᠤᠴᠠᠵᠤ ᠠᠮᠠᠷᠠᠯᠲᠠ ᠶᠢᠨ ᠬᠤᠭᠤᠴᠠᠭ᠎ᠠ 8 ᠡᠳᠦᠷ ᠪᠣᠯᠤᠭᠰᠠᠨ ᠠᠴᠠ ᠠᠶᠠᠨᠴᠢᠳ ᠤᠨ | ᠭᠠᠳᠠᠭᠰᠢ ᠭᠠᠷᠬᠤ ᠬᠦᠰᠡᠯ ᠴᠢᠩᠭᠠᠷᠠᠵᠤ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠵᠢᠭᠤᠯᠴᠢᠯᠠᠬᠤ ᠪᠠᠷ ᠨᠠᠭᠠᠰᠢ | ᠴᠠᠭᠠᠰᠢ ᠶᠠᠪᠤᠭᠰᠠᠳ ᠣᠯᠠᠰᠢᠷᠠᠵᠤ᠂ ᠲᠡᠮᠦᠷ ᠵᠠᠮ ᠤᠨ ᠵᠥᠭᠡᠭᠡᠪᠦᠷᠢ ᠶᠢᠨ ᠳᠠᠷᠤᠭᠠᠰᠤ ᠬᠦᠴᠦᠲᠡᠢ ᠨᠡᠮᠡᠭᠳᠡᠬᠦ | ᠪᠠᠶᠢᠳᠠᠯ ᠲᠠᠢ᠃ ᠲᠡᠮᠦᠷ ᠵᠠᠮ ᠤᠨ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠥᠭᠡᠭᠡᠪᠦᠷᠢ ᠶᠢ ᠨᠠᠷᠢᠨ | ᠨᠢᠮᠪᠠᠢ ᠵᠣᠬᠢᠶᠠᠨ ᠪᠠᠶᠢᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠵᠥᠭᠡᠭᠡᠪᠦᠷᠢ ᠶᠢᠨ ᠬᠦᠴᠦᠨ ᠢ ᠨᠡᠮᠡᠭᠳᠡᠭᠦᠯᠵᠦ᠂ | ᠪᠢᠯᠧᠲ ᠬᠤᠳᠠᠯᠳᠤᠬᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠩᠭᠠᠨ᠎ᠠ᠃ | ᠨᠢᠭᠡ ᠳᠤ᠂ ᠵᠥᠭᠡᠭᠡᠪᠦᠷᠢ ᠶᠢᠨ ᠬᠦᠴᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠤᠯᠤᠰ ᠤᠨ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠳᠠᠬᠢ ᠵᠥᠭᠡᠭᠡᠪᠦᠷᠢ ᠶᠢᠨ ᠬᠤᠭᠤᠴᠠᠭ᠎ᠠ ᠶᠢ 12 ᠡᠳᠦᠷ ᠪᠣᠯᠭᠠᠨ ᠤᠷᠲᠤᠳᠬᠠᠵᠤ᠂ | ᠵᠥᠭᠡᠭᠡᠪᠦᠷᠢ ᠶᠢᠨ ᠬᠤᠭᠤᠴᠠᠭ᠎ᠠ ᠶᠢ ᠥᠩᠭᠡᠷᠡᠭᠰᠡᠨ ᠵᠢᠯ ᠤᠳ ᠤᠨ ᠠᠮᠠᠷᠠᠯᠲᠠ ᠶᠢᠨ ᠬᠤᠭᠤᠴᠠᠭᠠᠨ ᠤ ᠬᠢ ᠠᠴᠠ | ᠳᠠᠪᠠᠭᠤᠯᠤᠨ ᠲᠣᠬᠢᠷᠠᠭᠤᠯᠪᠠ᠃ ᠪᠦᠭᠦ ᠤᠯᠤᠰ ᠤᠨ ᠲᠡᠮᠦᠷ ᠵᠠᠮ ᠤᠨ ᠬᠢᠨ ᠣᠷᠭᠢᠯ ᠤᠨ ᠬᠤᠭᠤᠴᠠᠭᠠᠨ ᠤ | ᠠᠶᠠᠯᠠᠯ ᠤᠨ ᠱᠤᠭᠤᠮ ᠤᠨ ᠲᠥᠰᠥᠪ ᠢ ᠬᠡᠷᠡᠭᠵᠢᠭᠦᠯᠵᠦ᠂ ᠡᠳᠦᠷ ᠳᠤᠮᠳᠠᠴᠢ ᠶᠢᠨ ᠠᠶᠠᠨᠴᠢᠳ ᠤᠨ ᠰᠠᠭᠤᠳᠠᠯ ᠤᠨ | ᠬᠠᠩᠭᠠᠯᠲᠠ ᠵᠢᠱᠢᠯᠲᠡ ᠪᠠᠷ 2019 ᠣᠨ ᠤ ᠠᠳᠠᠯᠢ ᠬᠤᠭᠤᠴᠠᠭᠠᠨ ᠤ ᠬᠢ ᠠᠴᠠ 18.5 % ᠪᠠᠷ ᠨᠡᠮᠡᠭᠳᠡᠬᠦ | ᠪᠣᠯᠣᠨ᠎ᠠ᠃ ᠵᠥᠭᠡᠭᠡᠪᠦᠷᠢ ᠶᠢᠨ ᠳᠠᠯᠳᠠ ᠬᠦᠴᠦᠨ ᠢ ᠴᠢᠨᠠᠭᠰᠢᠳᠠ ᠠᠭᠤᠳᠠᠯᠵᠤ᠂ ᠵᠠᠮ ᠱᠤᠭᠤᠮ᠂ ᠲᠡᠷᠭᠡ ᠬᠥᠰᠬᠡ ᠶᠢᠨ | ᠡᠬᠢ ᠪᠠᠶᠠᠯᠢᠭ ᠢ ᠭᠦᠢᠴᠡᠳ ᠬᠡᠷᠡᠭᠯᠡᠨ᠂ ᠭᠠᠯᠲᠤ ᠲᠡᠷᠭᠡᠨ ᠤ ᠵᠥᠭᠡᠭᠡᠪᠦᠷᠢ ᠶᠢᠨ ᠴᠢᠳᠠᠪᠤᠷᠢ ᠶᠢ ᠨᠡᠮᠡᠭᠳᠡᠭᠦᠯᠦᠨ | ᠠᠵᠢᠯᠯᠠᠭᠤᠯᠬᠤ᠂ ᠡᠩ ᠤᠨ ᠬᠤᠷᠳᠤᠴᠠᠲᠤ ᠠᠶᠠᠨᠴᠢᠳ ᠤᠨ ᠴᠤᠪᠤᠭ᠎ᠠ ᠲᠡᠷᠭᠡᠨ ᠳᠤ ᠴᠢᠷᠦᠭᠦᠯ ᠲᠡᠷᠭᠡ ᠶᠢᠨ ᠸᠠᠭᠤᠨ | ᠨᠡᠮᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠠᠯᠠᠮᠰᠢᠯ ᠣᠷᠣᠨ ᠳᠤ ᠶᠠᠪᠤᠬᠤ ᠠᠶᠠᠨᠴᠢᠳ ᠤᠨ ᠰᠠᠭᠤᠳᠠᠯ ᠢ | ᠨᠡᠮᠡᠭᠳᠡᠭᠦᠯᠦᠨ᠂ ᠪᠡᠭᠡᠵᠢᠩ ᠳᠤ ᠣᠷᠣᠬᠤ᠂ ᠱᠠᠩᠬᠠᠢ ᠳᠤ ᠣᠷᠣᠬᠤ᠂ ᠭᠤᠸᠠᠩᠵᠧᠦ ᠳᠤ ᠣᠷᠣᠬᠤ ᠴᠢᠭᠯᠡᠯ ᠢ ᠵᠠᠷᠴᠢᠮ | ᠳᠡᠭᠡᠷ᠎ᠡ ᠪᠠᠨ ᠳᠦᠭᠦᠷᠲᠡᠯ᠎ᠡ ᠲᠡᠭᠡᠭᠡᠬᠦ ᠪᠤᠶᠤ ᠪᠦᠭᠦ ᠴᠥᠷᠬᠡᠯᠡᠭᠡ ᠪᠠᠷ ᠠᠵᠢᠯᠯᠠᠭᠤᠯᠤᠨ᠎ᠠ; ᠡᠯ᠎ᠡ ᠲᠡᠮᠦᠷ ᠵᠠᠮ ᠤᠨ | ᠲᠣᠪᠴᠢᠶ᠎ᠠ ᠶᠢᠨ ᠪᠦᠯᠦᠭᠯᠡᠯ ᠺᠤᠮᠫᠠᠨᠢ ᠠᠶᠠᠨᠴᠢᠳ ᠤᠨ ᠬᠡᠷᠡᠭᠴᠡᠭᠡ ᠶᠢ ᠦᠨᠳᠦᠰᠦᠯᠡᠨ᠂ ᠬᠠᠮᠢᠶᠠᠷᠤᠯᠲᠠ ᠶᠢᠨ | ᠬᠡᠪᠴᠢᠶᠡᠨ ᠳᠠᠬᠢ ᠠᠶᠠᠨᠴᠢᠳ ᠤᠨ ᠭᠠᠯᠲᠤ ᠲᠡᠷᠭᠡ ᠶᠢ ᠠᠮᠢᠳᠤᠯᠢᠭ ᠢᠶᠠᠷ ᠨᠡᠮᠡᠵᠦ ᠲᠣᠬᠢᠷᠠᠭᠤᠯᠤᠨ᠎ᠠ᠃ | ᠬᠤᠶᠠᠷ ᠲᠤ᠂ ᠪᠢᠯᠧᠲ ᠬᠤᠳᠠᠯᠳᠤᠬᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ︽ᠲᠡᠮᠦᠷ ᠵᠠᠮ | 12306︾ ᠶᠢᠨ ᠠᠶᠠᠨᠴᠢᠳ ᠤᠨ ᠪᠢᠯᠧᠲ ᠢ ᠤᠷᠢᠳᠴᠢᠯᠠᠨ ᠬᠤᠳᠠᠯᠳᠤᠬᠤ᠂ ᠨᠥᠬᠦᠪᠦᠷᠢ ᠪᠢᠯᠧᠲ ᠬᠤᠳᠠᠯᠳᠤᠨ | ᠠᠪᠬᠤ ᠲᠣᠮᠣ ᠳ᠋ᠠᠶᠢᠲ᠋ᠠ ᠪᠠ ᠠᠶᠠᠨᠴᠢᠳ ᠤᠨ ᠨᠡᠮᠡᠭᠳᠡᠵᠦ ᠪᠠᠭᠤᠷᠠᠬᠤ ᠵᠢᠮ᠎ᠡ ᠶᠣᠰᠣ ᠶᠢ ᠦᠨᠳᠦᠰᠦᠯᠡᠨ᠂ ᠬᠤᠯᠠ | ᠵᠠᠮ ᠤᠨ ᠠᠶᠠᠨᠴᠢᠳ ᠪᠠ ᠣᠶᠢᠷ᠎ᠠ ᠵᠠᠮ ᠤᠨ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠮᠲᠤ ᠳᠤᠨᠢ | ᠬᠠᠷᠠᠭᠠᠯᠵᠠᠵᠤ᠂ ᠪᠢᠯᠧᠲ ᠤᠨ ᠲᠤᠭ᠎ᠠ ᠶᠢ ᠬᠤᠪᠢᠶᠠᠷᠢᠯᠠᠬᠤ ᠠᠷᠭ᠎ᠠ ᠪᠣᠳᠣᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠤᠨ᠂ | ᠪᠢᠯᠧᠲ ᠤᠨ ᠲᠤᠭ᠎ᠠ ᠶᠢ ᠠᠶᠠᠨᠴᠢᠳ ᠤᠨ ᠬᠡᠮᠵᠢᠶ᠎ᠡ ᠨᠡᠯᠢᠶᠡᠳ ᠶᠡᠭᠡ ᠲᠡᠷᠭᠡᠨ ᠥᠷᠲᠡᠭᠡᠨ ᠳᠤ ᠴᠠᠭ ᠲᠤᠬᠠᠢ ᠳᠤᠨᠢ | ᠲᠠᠯᠪᠢᠵᠤ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃ | ︽ᠲᠡᠮᠦᠷ ᠵᠠᠮ12306︾ ᠶᠢᠨ ᠨᠥᠬᠦᠪᠦᠷᠢ ᠪᠢᠯᠧᠲ ᠬᠤᠳᠠᠯᠳᠤᠨ ᠠᠪᠬᠤ᠂ ᠪᠡᠶ᠎ᠡ ᠪᠠᠨ ᠳᠠᠭᠠᠭᠠᠵᠤ ᠰᠠᠭᠤᠳᠠᠯ | ᠰᠣᠩᠭᠤᠬᠤ ᠵᠡᠷᠭᠡ ᠴᠢᠳᠠᠮᠵᠢ ᠶᠢ ᠰᠠᠶᠢᠲᠤᠷ ᠬᠡᠷᠡᠭᠯᠡᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠡᠷᠴᠢᠮ ᠢ | ᠴᠢᠩᠭᠠᠷᠠᠭᠤᠯᠤᠨ᠂ ᠠᠶᠠᠨᠴᠢᠳ ᠲᠤ ᠪᠢᠯᠧᠲ ᠬᠤᠳᠠᠯᠳᠤᠨ ᠠᠪᠬᠤ ᠨᠠᠩ ᠲᠦᠭᠦᠮ ᠲᠦᠷᠭᠡᠨ ᠪᠠᠶᠢᠬᠤ ᠨᠥᠬᠦᠴᠡᠯ ᠢ | ᠬᠠᠩᠭᠠᠨ᠎ᠠ ᠭᠡᠵᠦ ᠲᠠᠨᠢᠯᠴᠠᠭᠤᠯᠪᠠ᠃ |