ᠡᠯ᠎ᠡ ᠠᠶᠢᠮᠠᠭ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/9/15
     9 ᠰᠠᠷ᠎ᠠ ᠶᠢᠨ 11 ᠠᠴᠠ 17 ᠤ ᠡᠳᠦᠷ ᠪᠤᠯᠲᠠᠯᠠᠭᠢ ᠬᠤᠭᠤᠴᠠᠭ᠎ᠠ ᠪᠣᠯ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠪᠣᠯᠣᠨ᠎ᠠ᠃ ᠮᠠᠨ ᠤ ᠣᠷᠣᠨ ᠤ ᠡᠯ᠎ᠡ ᠠᠶᠢᠮᠠᠭ ᠬᠤᠲᠠ ᠶᠢᠨ ︽2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠵᠢᠩᠬᠢᠨᠢ ᠪᠠᠷ ᠡᠬᠢᠯᠡᠪᠡ᠃       ᠭᠦᠭᠡᠬᠤᠲᠠ      9 ᠰᠠᠷ᠎ᠠ ᠶᠢᠨ 11 ᠤ ᠡᠳᠦᠷ᠂ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠭᠦᠭᠡᠬᠤᠲᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ︽ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠭᠤᠣᠯ ᠰᠡᠳᠦᠪᠲᠦ ᠲᠠᠶᠢᠯᠤᠮᠵᠢ ᠥᠷᠨᠢᠭᠦᠯᠬᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠭᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠪᠠᠭᠰᠢ ᠰᠤᠷᠤᠬᠴᠢᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠣᠯᠣᠨ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠪᠣᠯᠣᠨ᠎ᠠ᠃      ᠬᠢᠩᠭᠠᠨ ᠠᠶᠢᠮᠠᠭ      9 ᠰᠠᠷ᠎ᠠ ᠶᠢᠨ 11 ᠤ ᠡᠳᠦᠷ᠂ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠢᠩᠭᠠᠨ ᠠᠶᠢᠮᠠᠭ ᠲᠠᠬᠢ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠲᠠᠨᠢᠯᠴᠠᠭᠤᠯᠤᠭᠰᠠᠨ ᠢᠶᠠᠷ᠂ ᠬᠢᠩᠭᠠᠨ ᠠᠶᠢᠮᠠᠭ ᠤᠨ ᠬᠢᠨ ᠭᠤᠣᠯᠳᠠᠭᠤ ︽ᠲᠤᠯᠤᠭᠠᠨ ᠨᠢᠭᠡ︾ ᠶᠢᠨ ᠠᠵᠢᠯᠯᠠᠭ᠎ᠠ   ᠳᠤ ᠲᠦᠰᠢᠭᠯᠡᠨ᠂ ᠲᠤᠬᠠᠶᠢᠯᠠᠪᠠᠯ ︽ᠨᠢᠭᠡ ᠤᠳᠠᠭ᠎ᠠ ᠶᠢᠨ ᠰᠢᠭᠤᠳ ᠨᠡᠪᠲᠡᠷᠡᠭᠦᠯᠭᠡ᠂ ᠨᠢᠭᠡ ᠬᠤᠭᠤᠴᠠᠭ᠎ᠠ ᠶᠢᠨ ᠲᠠᠶᠢᠯᠤᠮᠵᠢ᠂ ᠨᠢᠭᠡ ᠤᠳᠠᠭ᠎ᠠ ᠶᠢᠨ ᠪᠣᠯᠪᠠᠰᠤᠷᠠᠯ᠂ ᠨᠢᠭᠡ ᠤᠳᠠᠭ᠎ᠠ ᠶᠢᠨ ᠰᠣᠷᠢᠯᠲᠠ᠂ ᠨᠢᠭᠡ ᠤᠳᠠᠭ᠎ᠠ ᠶᠢᠨ ᠤᠷᠤᠯᠳᠤᠭᠠᠨ᠂ ᠨᠢᠭᠡ ᠤᠳᠠᠭ᠎ᠠ ᠶᠢᠨ ᠭᠤᠣᠯ ᠰᠡᠳᠦᠪᠲᠦ ᠡᠳᠦᠷ᠂ ᠦᠨᠳᠦᠰᠦᠨ ᠱᠠᠲᠤᠨ ᠳᠤ ᠨᠢᠭᠡ ᠤᠳᠠᠭ᠎ᠠ ᠬᠦᠷᠬᠦ︾ ᠵᠡᠷᠭᠡ ᠭᠡᠯᠪᠡᠷᠢ ᠪᠠᠷ ᠭᠤᠣᠯ ᠰᠡᠳᠦᠪ ᠲᠣᠳᠣᠷᠬᠠᠢ᠂ ᠣᠯᠠᠨ ᠶᠠᠩᠵᠤ ᠶᠢᠨ ᠭᠡᠯᠪᠡᠷᠢ ᠲᠠᠢ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠭᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠪᠠᠷ ᠵᠣᠷᠢᠵᠠᠢ᠃      ᠡᠭᠢᠯᠡᠯᠲᠡ ᠶᠢᠨ ᠶᠣᠰᠣᠯᠠᠯ ᠳᠡᠭᠡᠷ᠎ᠡ ᠪᠠᠰᠠ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠰᠦᠯᠵᠢᠶᠡᠨ ᠤ ᠠᠮᠤᠷ ᠲᠦᠪᠰᠢᠨ ᠤ ᠭᠤᠣᠯ ᠰᠡᠳᠦᠪᠲᠦ ᠳᠠᠭᠤᠤ ᠪᠠ ᠱᠤᠭ ᠵᠦᠴᠦᠭᠡ ᠵᠡᠷᠭᠡ ᠭᠡᠯᠪᠡᠷᠢ ᠪᠠᠷ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠠᠭᠤᠰᠤᠯᠴᠠᠭᠤᠯᠵᠤ᠂ ᠤᠯᠠᠨ ᠲᠦᠮᠡᠨ ᠤ ᠬᠦᠷᠢᠶᠡᠯᠡᠯ ᠢ ᠶᠡᠬᠡᠳᠡ ᠣᠯᠪᠠ᠃      ᠤᠯᠠᠭᠠᠨᠬᠠᠳᠠ ᠬᠤᠲᠠ9 ᠰᠠᠷ᠎ᠠ ᠶᠢᠨ 11 ᠤ ᠦᠳᠡ ᠶᠢᠨ ᠡᠮᠦᠨ᠎ᠡ᠂ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠭᠢᠯᠡᠯᠲᠡ ᠶᠢᠨ ᠶᠣᠰᠣᠯᠠᠯ ᠤᠨ ᠤᠯᠠᠭᠠᠨᠬᠠᠳᠠ ᠬᠤᠲᠠ ᠳᠠᠬᠢ ᠠᠵᠢᠯᠯᠠᠭ᠎ᠠ ᠰᠦᠩᠱᠠᠨ ᠤ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠡᠭᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠭᠴᠢ ᠶᠢᠨ ᠳᠦᠷᠢ ᠲᠥᠷᠬᠦ ︽ᡂᠢ ᠰᠢᠶᠣᠣ ᠠᠨ︾ ᠢ ᠨᠡᠶᠢᠲᠡᠯᠡᠵᠦ᠂ ᠤᠯᠠᠭᠠᠨᠬᠠᠳᠠ ᠬᠤᠲᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠣᠨᠴᠠᠯᠢᠭ ᠢ ᠢᠯᠡᠷᠡᠭᠦᠯᠦᠭᠰᠡᠨ ᠰᠣᠶᠣᠯ ᠤᠨ ᠲᠡᠮᠳᠡᠭ ᠪᠣᠯᠭᠠᠨ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠦᠩᠱᠠᠨ ᠳᠥᠷᠪᠡᠳᠦᠭᠡᠷ ᠳᠤᠮᠳᠠᠳᠤ ᠰᠤᠷᠭᠠᠭᠤᠯᠢ ᠳᠤ︽ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠰᠠᠭᠤᠷᠢᠨ︾ ᠤ ᠫᠠᠶᠢᠰᠠ ᠢᠯᠡᠷᠬᠡᠶᠢᠯᠡᠯ ᠣᠯᠭᠤᠵᠤ᠂ ᠤᠯᠠᠭᠠᠨᠬᠠᠳᠠ ᠬᠤᠲᠠ ᠶᠢᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠤᠨ ᠬᠤᠶᠠᠳᠤᠭᠠᠷ ᠰᠠᠭᠤᠷᠢᠨ ᠪᠣᠯᠭᠠᠪᠠ᠃ 100 ᠰᠤᠷᠤᠬᠴᠢ ᠶᠢᠨ ᠲᠥᠯᠥᠭᠡᠯᠡᠭᠴᠢ ᠰᠦᠯᠵᠢᠶᠡᠨ ᠤ ᠠᠮᠤᠷ ᠲᠦᠪᠰᠢᠨ ᠤ ᠤᠬᠠᠭᠤᠯᠤᠭᠴᠢ ᠪᠠᠷ ᠤᠷᠢᠭᠳᠠᠵᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠲᠦᠭᠡᠮᠡᠯᠵᠢᠭᠦᠯᠬᠦ ᠪᠠ ᠬᠥᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠳᠤ ᠠᠭᠤᠰᠤᠯᠴᠠᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠣᠯᠣᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃      ᠠᠯᠠᠱᠠ ᠠᠶᠢᠮᠠᠭ      9 ᠰᠠᠷ᠎ᠠ ᠶᠢᠨ 11 ᠤ ᠡᠳᠦᠷ᠂ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠠᠯᠠᠱᠠ ᠠᠶᠢᠮᠠᠭ ᠲᠤ ᠴᠸ ᠶᠠᠪᠤᠭᠳᠠᠪᠠ᠃ ᠡᠯ᠎ᠡ ᠨᠢᠭᠡᠴᠢ ᠶᠢᠨ ᠠᠵᠢᠯᠲᠠᠨ ᠬᠥᠨᠳᠡᠯᠡᠨ ᠪᠢᠴᠢᠭᠡᠰᠦ ᠡᠯᠭᠦᠬᠦ᠂ ᠵᠠᠷᠯᠠᠯ ᠨᠠᠭᠠᠬᠤ᠂ ᠦᠵᠡᠭᠦᠯᠭᠡ ᠶᠢᠨ ᠰᠠᠮᠪᠠᠷ᠎ᠠ ᠳᠡᠯᠭᠡᠬᠦ᠂ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠵᠥᠪᠯᠡᠯᠭᠡ ᠥᠭᠬᠦ᠂ ᠬᠠᠷᠢᠯᠴᠠᠨ ᠰᠡᠳᠦᠪ ᠬᠠᠷᠢᠭᠤᠯᠬᠤ ᠵᠡᠷᠭᠡ ᠭᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠴᠢᠬᠤᠯᠠ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠨᠡᠶᠢᠭᠡᠮ ᠳᠠᠶᠠᠭᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号