ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/9/15
     48 ᠨᠠᠰᠤᠲᠠᠢ ᠫᠠᠨ ᠸᠧᠢ ᠪᠣᠯ ᠪᠠᠶᠠᠨᠨᠠᠭᠤᠷ ᠬᠤᠳᠠ ᠶᠢᠨ ᠤᠷᠠᠳ ᠤᠨ ᠬᠤᠶᠢᠲᠤ ᠬᠤᠰᠢᠭᠤᠨ ᠤ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠳᠡᠭᠡᠳᠦ ᠵᠡᠷᠭᠡ ᠶᠢᠨ ᠪᠠᠭᠰᠢ ᠪᠣᠯᠣᠨ᠎ᠠ᠂ ᠨᠢᠭᠡᠨᠲᠡ 31 ᠵᠢᠯ ᠤᠨ ᠵᠢᠭᠠᠨ ᠰᠤᠷᠭᠠᠯᠲᠠ ᠶᠢᠨ ᠠᠵᠢᠯ ᠢ ᠬᠢᠵᠦ᠂ ᠵᠢᠭᠠᠨ ᠰᠤᠷᠭᠠᠯᠲᠠ ᠶᠢᠨ ᠲᠤᠷᠰᠢᠯᠭ᠎ᠠ ᠪᠠᠶᠠᠯᠢᠭ᠂ ᠬᠢᠴᠢᠶᠡᠯᠯᠡᠬᠦ ᠠᠷᠭ᠎ᠠ ᠨᠢ ᠥᠪᠡᠷᠮᠢᠴᠡ ᠣᠨᠴᠠᠯᠢᠭ ᠲᠠᠢ᠃ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠦᠶ᠎ᠡ ᠳᠤ ᠫᠠᠨ ᠸᠧᠢ  ᠪᠠᠭᠰᠢ ᠨᠠᠷ ᠤᠨ ᠰᠣᠯᠢᠯᠴᠠᠭ᠎ᠠ ᠬᠢᠬᠦ ᠪᠠᠷ ᠳᠡᠮᠵᠢᠨ ᠤᠷᠠᠳ ᠤᠨ ᠬᠤᠶᠢᠲᠤ ᠬᠤᠰᠢᠭᠤᠨ ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ︵ᠤᠤᠯ ᠤᠨ ᠦᠨᠳᠦᠰᠦᠲᠡᠨ ᠤ  ᠦᠭᠡ ᠬᠡᠯᠡ ᠪᠠᠷ ᠬᠢᠴᠢᠶᠡᠯᠯᠡᠵᠦ ᠪᠠᠶᠢᠭᠰᠠᠨ ᠪᠠᠭ᠎ᠠ ᠰᠤᠷᠭᠠᠭᠤᠯᠢ︶ ᠳᠤ ᠢᠷᠡᠵᠦ᠂ ᠲᠠᠪᠤᠳᠤᠭᠠᠷ ᠣᠨ ᠤ ᠬᠤᠶᠠᠷ ᠠᠩᠭᠢ ᠶᠢᠨ ᠲᠣᠭᠠᠨ ᠤ ᠤᠬᠠᠭᠠᠨ ᠤ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠪᠡ᠃      ︽ᠠᠩᠬ᠎ᠠ ᠢᠷᠡᠬᠦ ᠳᠡᠭᠡᠨ ᠬᠡᠦᠬᠡᠳ ᠤᠳ ᠵᠢᠭᠠᠨ ᠰᠤᠷᠭᠠᠯᠲᠠ ᠶᠢᠨ  ᠠᠬᠢᠴᠠ ᠶᠢ ᠳᠠᠭᠠᠵᠤ ᠠᠮᠵᠢᠬᠤ ᠦᠭᠡᠢ ᠪᠣᠯᠪᠠᠤ ᠭᠡᠵᠦ ᠰᠠᠨᠠᠭᠠᠰᠢᠷᠠᠵᠤ ᠪᠠᠶᠢᠯ᠎ᠠ᠃ ᠭᠡᠪᠡᠴᠦ ᠨᠢᠭᠡ ᠭᠠᠷᠠᠭ ᠢᠯᠡᠭᠦᠦ ᠪᠤᠯᠬᠤ ᠳᠤ ᠬᠡᠦᠬᠡᠳ ᠤᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠵᠢᠭᠠᠨ ᠰᠤᠷᠭᠠᠯᠲᠠ ᠳᠤ ᠵᠣᠬᠢᠴᠠᠵᠤ᠂ ᠬᠢᠴᠢᠶᠡᠯ ᠳᠡᠭᠡᠷ᠎ᠡ ᠴᠦ ᠮᠠᠰᠢ ᠢᠳᠡᠪᠬᠢᠲᠡᠢ ᠠᠰᠠᠭᠤᠯᠳᠠ ᠬᠠᠷᠢᠭᠤᠯᠵᠤ ᠪᠠᠶᠢᠯ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ ᠰᠤᠷᠬᠤ ᠨᠢ ᠬᠡᠦᠬᠡᠳ ᠲᠤ ᠪᠠᠰᠠ ᠨᠢᠭᠡ ᠴᠣᠩᠬᠤ ᠨᠡᠭᠡᠭᠡᠵᠦ ᠥᠭᠭᠦᠭᠰᠡᠨ ᠲᠠᠢ ᠠᠳᠠᠯᠢ ᠶᠤᠮ᠂ ᠲᠠᠳᠠ ᠨᠠᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠨᠢ ᠯᠠᠪᠲᠠᠢ︕︾ ᠭᠡᠵᠦ ᠫᠠᠨ ᠸᠧᠢ ᠰᠤᠷᠪᠤᠯᠵᠢᠯᠠᠬᠴᠢ ᠳᠤ ᠶᠠᠷᠢᠨ᠎ᠠ᠃      ᠣᠶᠢᠷ᠎ᠠ ᠶᠢᠨ ᠵᠢᠯ ᠳᠤ ᠤᠷᠠᠳ ᠤᠨ ᠬᠤᠶᠢᠲᠤ ᠬᠤᠰᠢᠭᠤ ᠪᠠᠭᠰᠢ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠲᠡᠭᠡᠭᠰᠢᠯᠡᠭᠦᠯᠭᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠩ ᠤᠨ ᠰᠤᠷᠭᠠᠭᠤᠯᠢ ᠬᠢᠭᠡᠳ ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠳᠤ ᠪᠠᠭᠰᠢ ᠶᠢ ᠰᠠᠶᠢᠲᠤᠷ ᠲᠣᠬᠢᠷᠠᠭᠤᠯᠬᠤ ᠶᠢᠨ ᠬᠠᠮᠲᠤ ︽ᠤᠷᠠᠳ ᠤᠨ ᠬᠤᠶᠢᠲᠤ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ  ᠪᠠ ᠪᠠᠭᠰᠢ ᠶᠢᠨ ᠠᠵᠢᠯ ᠤᠨ ᠪᠠᠶᠢᠷᠢ   ᠶᠢ ᠡᠭᠡᠯᠵᠢᠯᠡᠭᠦᠯᠦᠨ ᠰᠣᠯᠢᠯᠴᠠᠬᠤ ᠠᠵᠢᠯ ᠤᠨ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠠᠵᠢᠯ ᠤᠨ ᠪᠠᠶᠢᠷᠢ  ᠶᠢ ᠡᠭᠡᠯᠵᠢᠯᠡᠭᠦᠯᠦᠨ ᠰᠣᠯᠢᠯᠴᠠᠬᠤ ᠳᠦᠷᠢᠮ ᠢ ᠬᠡᠷᠡᠭᠵᠢᠭᠦᠯᠪᠡ᠃ ᠣᠲᠣ ᠪᠤᠯᠲᠠᠯ᠎ᠠ ᠰᠤᠷᠭᠠᠭᠤᠯᠢ ᠶᠢᠨ ᠵᠠᠬᠢᠷᠤᠯ᠂ ᠱᠦᠵᠢ   ᠶᠢ  7 ᠬᠥᠮᠥᠨ ᠤᠳᠠᠭ᠎ᠠ ᠰᠣᠯᠢᠯᠴᠠᠨ ᠠᠵᠢᠯᠯᠠᠭᠤᠯᠵᠤ᠂ 15 ᠪᠠᠭᠰᠢ   ᠶᠢ ᠰᠣᠯᠢᠯᠴᠠᠨ ᠠᠵᠢᠯᠯᠠᠭᠤᠯᠪᠠ;ᠢᠯᠡ ᠪᠠᠷ ᠤᠷᠢᠬᠤ᠂ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ  ᠲᠣᠭᠲᠠᠭᠠᠬᠤ ᠵᠡᠷᠭᠡ ᠭᠡᠯᠪᠡᠷᠢ ᠪᠠᠷ ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ︽ᠭᠤᠷᠪᠠᠨ ᠬᠢᠴᠢᠶᠡᠯ︾ ᠤᠨ ᠪᠠᠭᠰᠢ ᠶᠢ 18 ᠬᠥᠮᠥᠨ ᠨᠥᠬᠦᠪᠦᠷᠢᠯᠡᠪᠡ᠃ ᠡᠭᠦᠨ ᠠᠴᠠ ᠭᠠᠳᠠᠨ᠎ᠠ ᠰᠤᠷᠭᠠᠭᠤᠯᠢ ᠶᠢᠨ ᠬᠦᠷᠢᠶᠡᠨ ᠳᠤ ︽ᠭᠠᠷ ᠭᠠᠷ ᠢᠶᠠᠨ ᠬᠤᠯᠪᠣᠯᠴᠠᠵᠤ ᠨᠡᠶᠢᠲᠡᠯᠢᠭ ᠬᠡᠯᠡ ᠰᠤᠷᠬᠤ︾ ᠠᠵᠢᠯᠯᠠᠭ᠎ᠠ᠂ ᠤᠯᠠᠭᠠᠨ ᠪᠦᠴᠡᠲᠡᠨ ᠲᠠᠶᠢᠯᠪᠤᠷᠢᠯᠠᠭᠴᠢ ᠶᠢᠨ ᠤᠷᠤᠯᠳᠤᠭᠠᠨ᠂ ︽ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠵᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠨᠣᠮ ᠤᠩᠰᠢᠬᠤ ᠠᠵᠢᠯᠯᠠᠭ᠎ᠠ︾᠂ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ ᠳᠦᠷᠢᠮᠵᠢᠭᠰᠡᠨ ᠦᠰᠦᠭ ᠢ ᠬᠡᠷᠡᠭᠯᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠠᠭᠰᠢ ᠰᠤᠷᠤᠬᠴᠢᠳ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠷᠢᠳᠢ ᠰᠢᠳᠢ ᠶᠢ ᠨᠡᠩ ᠤᠯᠠᠨ ᠮᠡᠳᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠨᠥᠯᠥᠭᠡ ᠶᠢ ᠬᠦᠷᠲᠡᠭᠡᠵᠦ᠂ ᠰᠣᠶᠣᠯ ᠤᠨ ᠬᠡᠪ ᠪᠣᠯᠪᠠᠰᠤᠷᠠᠯ ᠢ ᠪᠦᠬᠦᠯᠢ ᠴᠣᠭᠴᠠ ᠪᠠᠷ ᠳᠡᠭᠡᠭᠰᠢᠯᠡᠭᠦᠯᠪᠡ᠃      ᠮᠠᠨ ᠤ ᠬᠤᠰᠢᠭᠤ ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠢ ᠦᠷᠭᠦᠯᠵᠢᠯᠡᠨ ᠴᠢᠩᠭᠠᠳᠬᠠᠵᠤ᠂ ᠬᠢᠴᠢᠶᠡᠯ ᠤᠨ ᠪᠠᠷᠢᠮᠵᠢᠶ᠎ᠠ ᠵᠢᠭᠠᠬᠤ ᠮᠠᠲ᠋ᠧᠷᠢᠶᠠᠯ ᠤᠨ ᠲᠠᠶᠢᠯᠤᠮᠵᠢ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠠ ᠬᠡᠷᠡᠭᠵᠢᠭᠦᠯᠦᠯᠲᠡ ᠪᠠᠷ ᠭᠤᠣᠯᠳᠠᠯᠭ᠎ᠠ ᠪᠣᠯᠭᠠᠨ᠂ ᠨᠡᠶᠢᠲᠡᠯᠢᠭ ᠬᠡᠯᠡᠨ ᠤ ᠵᠢᠭᠠᠨ ᠰᠤᠷᠭᠠᠯᠲᠠ ᠶᠢᠨ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠪᠠᠭᠰᠢ ᠨᠠᠷ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠡᠷᠡᠭᠯᠡᠭᠡᠨ ᠤ ᠴᠢᠳᠠᠪᠤᠷᠢ ᠪᠠ ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃ ᠡᠨᠡ ᠵᠢᠯ ᠠᠴᠠ ᠨᠠᠭᠠᠰᠢ᠂ ᠦᠵᠡᠯ ᠰᠠᠨᠠᠭ᠎ᠠ ᠤᠯᠤᠰ ᠲᠥᠷᠥ ᠶᠢ ᠨᠢᠭᠡ ᠴᠣᠭᠴᠠᠵᠢᠭᠤᠯᠬᠤ᠂ ︽ᠭᠤᠣᠯᠯᠠᠭᠴᠢ ᠪᠠᠭᠰᠢ ᠶᠢ ᠬᠥᠮᠥᠵᠢᠭᠦᠯᠬᠦ︾᠂ ᠴᠡᠭ ᠲᠤ ᠰᠠᠭᠤᠵᠤ ᠰᠤᠷᠭᠠᠭᠤᠯᠢ ᠳᠤ ᠬᠦᠷᠬᠦ᠂ ᠬᠤᠯᠪᠤᠭᠠᠯᠠᠨ ᠵᠢᠭᠠᠨ ᠰᠤᠳᠤᠯᠬᠤ ᠵᠡᠷᠭᠡ ᠪᠣᠯᠪᠠᠰᠤᠷᠠᠯ ᠢ ᠢᠳᠡᠪᠬᠢᠲᠡᠢ ᠵᠣᠬᠢᠶᠠᠨ ᠪᠠᠶᠢᠭᠤᠯᠵᠤ᠂ 180 ᠬᠥᠮᠥᠨ ᠤᠳᠠᠭ᠎ᠠ ᠳᠤ ᠪᠣᠯᠪᠠᠰᠤᠷᠠᠯ ᠬᠦᠷᠲᠡᠭᠡᠪᠡ ᠭᠡᠵᠦ ᠤᠷᠠᠳ ᠤᠨ ᠬᠤᠶᠢᠲᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠰᠡᠩᠭᠡᠪᠠᠭᠠᠲᠤᠷ ᠲᠠᠨᠢᠯᠴᠠᠭᠤᠯᠪᠠ᠃      ︽ᠪᠢᠳᠡ ᠪᠠᠰᠠ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠠᠰᠢᠭᠯᠠᠨ᠂ ᠵᠢᠭᠠᠨ ᠰᠤᠷᠭᠠᠯᠲᠠ   ᠶᠢᠨ ᠰᠤᠳᠤᠯᠭᠠᠨ ᠢ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ ᠪᠠᠶᠢᠭᠤᠯᠵᠤ᠂ ᠬᠠᠮᠲᠤ ᠪᠠᠷ ᠬᠢᠴᠢᠶᠡᠯ ᠪᠡᠯᠡᠳᠬᠡᠬᠦ᠂ ᠵᠢᠱᠢᠶ᠎ᠡ ᠦᠵᠡᠭᠦᠯᠦᠨ ᠬᠢᠴᠢᠶᠡᠯ ᠣᠷᠣᠬᠤ᠂ ᠣᠨᠣᠰᠢᠯᠠᠯᠲᠠ ᠬᠢᠵᠦ ᠰᠡᠵᠢᠭ ᠢ ᠲᠠᠶᠢᠯᠬᠤ ᠵᠡᠷᠭᠡ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠡᠨᠡ ᠵᠢᠯ ᠪᠤᠢ ᠪᠦᠬᠦᠢ ᠠᠵᠢᠯ ᠳᠤ ᠪᠠᠶᠢᠭ᠎ᠠ ᠪᠠᠭᠰᠢ ᠨᠠᠷ ᠢ ᠨᠡᠶᠢᠲᠡᠯᠢᠭ ᠬᠡᠯᠡᠨ ᠤ ᠪᠣᠯᠪᠠᠰᠤᠷᠠᠯ ᠳᠤ ᠣᠷᠤᠯᠴᠠᠬᠤ ᠶᠢᠨ ᠬᠠᠮᠲᠤ ᠨᠡᠶᠢᠲᠡᠯᠢᠭ ᠬᠡᠯᠡᠨ ᠤ ᠬᠢᠷᠢ ᠭᠡᠮ ᠤᠨ ᠦᠨᠡᠮᠯᠡᠯ ᠢ ᠰᠢᠯᠭᠠᠨ ᠠᠪᠬᠤ ᠶᠢ ᠱᠠᠭᠠᠷᠳᠠᠵᠤ᠂ ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ᠪᠠᠭᠰᠢ ᠶᠢᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠨᠤᠷᠮ᠎ᠠ ᠶᠢ 100% ᠳᠤ ᠬᠦᠷᠭᠡᠬᠦ ᠪᠠᠷ ᠴᠢᠷᠮᠠᠶᠢᠵᠤ ᠪᠠᠶᠢᠨ᠎ᠠ︾ ᠭᠡᠵᠦ ᠰᠡᠩᠭᠡᠪᠠᠭᠠᠲᠤᠷ ᠶᠠᠷᠢᠨ᠎ᠠ᠂ ᠲᠡᠷᠡ ᠪᠠᠰᠠ᠄ ︽ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠦᠷᠭᠦᠯᠵᠢᠯᠡᠨ ᠴᠢᠷᠮᠠᠶᠢᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠲᠤᠷ ᠶᠠᠷᠢᠵᠤ᠂ ᠳᠦᠷᠢᠮᠵᠢᠭᠰᠡᠨ ᠦᠰᠦᠭ ᠢ ᠰᠠᠶᠢᠲᠤᠷ ᠪᠢᠴᠢᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠤᠷᠤᠯᠴᠠᠯᠭ᠎ᠠ ᠪᠠ ᠠᠮᠢᠳᠤᠷᠠᠯ ᠳᠤᠮᠳᠠ ᠪᠠᠨ ᠠᠭᠤᠰᠤᠯᠴᠠᠭᠤᠯᠵᠤ᠂ ᠬᠡᠦᠬᠡᠳ ᠤᠳ ᠲᠤ ᠨᠡᠩ ᠥᠷᠭᠡᠨ ᠠᠭᠤᠳᠠᠮ ᠢᠷᠡᠭᠡᠳᠦᠢ ᠶᠢ ᠴᠣᠭᠴᠠᠯᠠᠵᠤ ᠥᠭᠭᠦᠨ᠎ᠡ︾ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号