ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠢᠴᠢᠭ ᠮᠠᠲ᠋ᠧᠷᠢᠶᠠᠯ ᠪᠠᠭᠤᠯᠭᠠᠵᠤ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠶᠤᠨᠲᠤ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠠᠵᠢᠯ ᠢ ᠲᠦᠷᠭᠡᠳᠬᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2023/9/15
      ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠤᠯᠠᠨ ᠤ ︽ᠡᠪᠡᠳᠴᠢᠨ ᠦᠵᠡᠭᠦᠯᠭᠦ ᠵᠣᠭᠤᠰ︾᠂ ︽ᠠᠮᠢ ᠠᠪᠤᠷᠠᠬᠤ ᠵᠣᠭᠤᠰ︾ ᠪᠣᠯᠣᠨ᠎ᠠ᠃ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 13 ᠤ ᠡᠳᠦᠷ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠣᠶᠤᠨᠲᠤ ᠬᠢᠨᠠᠨ ᠬᠠᠷᠭᠤᠭᠤᠯᠬᠤ ᠪᠠ ᠬᠢᠨᠠᠨ ᠡᠵᠡᠮᠳᠡᠬᠦ ᠠᠵᠢᠯ ᠢ ᠴᠢᠨᠠᠭᠰᠢᠳᠠ ᠭᠦᠨᠵᠡᠭᠡᠢ ᠠᠬᠢᠭᠤᠯᠬᠤ ᠲᠤᠬᠠᠢ ᠮᠡᠳᠡᠭᠳᠡᠯ ᠨᠡᠶᠢᠲᠡᠯᠡᠵᠦ᠂ ᠲᠣᠮᠣ ᠳ᠋ᠠᠶᠢᠲ᠋ᠠ  ᠪᠠᠷ ᠴᠠᠭ ᠲᠤᠬᠠᠢ ᠳᠤᠨᠢ ᠬᠥᠳᠡᠯᠦᠩᠭᠦᠢ ᠣᠶᠤᠨᠲᠤ  ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠳᠤ ᠣᠶᠤᠨᠲᠤ ᠬᠢᠨᠠᠨ ᠬᠠᠷᠭᠤᠭᠤᠯᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠪᠦᠭᠦ ᠭᠤᠭᠴᠤᠭ᠎ᠠ ᠪᠠᠷ ᠬᠢᠨᠠᠨ ᠬᠠᠮᠢᠶᠠᠷᠤᠭᠰᠠᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ ᠭᠡᠵᠦ ᠲᠣᠳᠣᠷᠬᠠᠶᠢᠯᠠᠪᠠ᠃       ᠮᠡᠳᠡᠭᠳᠡᠯ ᠳᠤ᠂ 2023 ᠣᠨ ᠤ ᠵᠢᠯ ᠤᠨ ᠡᠴᠦᠰ ᠠᠴᠠ ᠡᠮᠦᠨ᠎ᠡ ᠪᠦᠭᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠳᠤ ᠣᠶᠤᠨᠲᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ ᠰᠦᠯᠵᠢᠶᠡᠨ ᠳᠤ ᠣᠷᠣᠭᠤᠯᠵᠤ᠂ ᠣᠶᠤᠨᠲᠤ ᠬᠢᠨᠠᠨ ᠬᠠᠷᠭᠤᠭᠤᠯᠬᠤ ᠪᠠ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠣᠨᠣᠪᠴᠢᠲᠠᠶ ᠳᠠᠮᠵᠢᠭᠤᠯᠵᠤ᠂ ᠭᠠᠷᠲᠠᠨ ᠭᠦᠢᠴᠡᠳᠬᠡᠬᠦ ᠣᠶᠤᠨᠲᠤ ᠬᠢᠨᠠᠨ ᠬᠠᠷᠭᠤᠭᠤᠯᠬᠤ ᠠᠵᠢᠯ ᠢ ᠪᠦᠭᠦ ᠲᠠᠯ᠎ᠠ ᠪᠠᠷ ᠥᠷᠨᠢᠭᠦᠯᠵᠦ᠂ ᠪᠦᠭᠦ ᠤᠯᠤᠰ ᠤᠨ ᠣᠶᠤᠨᠲᠤ ᠬᠢᠨᠠᠨ ᠡᠵᠡᠮᠳᠡᠯ ︽ᠨᠢᠭᠡ ᠬᠡᠰᠡᠭ ᠪᠦᠬᠦᠯᠢ ᠲᠣᠣᠷ︾ ᠪᠤᠯᠬᠤ ᠶᠢ ᠠᠩᠬ᠎ᠠ ᠠᠯᠬᠤᠮ ᠪᠡᠶᠡᠯᠡᠭᠦᠯᠦᠨ᠎ᠡ᠂ 2025 ᠣᠨ ᠤ ᠰᠡᠭᠦᠯᠴᠢ ᠪᠤᠯᠲᠠᠯ᠎ᠠ᠂ ᠵᠢᠷᠤᠮᠵᠢᠬᠰᠠᠨ᠂ ᠰᠢᠨᠵᠢᠯᠡᠬᠦ ᠤᠬᠠᠭᠠᠨᠴᠢᠯᠠᠭᠰᠠᠨ᠂ ᠬᠡᠪᠰᠢᠭᠰᠡᠨ ᠣᠶᠤᠨᠲᠤ ᠬᠢᠨᠠᠨ ᠬᠠᠷᠭᠤᠭᠤᠯᠬᠤ ᠪᠠ ᠬᠢᠨᠠᠨ ᠡᠵᠡᠮᠳᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠭᠠᠷᠲᠠᠨ ᠭᠦᠢᠴᠡᠳᠬᠡᠬᠦ ᠶᠢ ᠡᠳᠦᠷ ᠲᠤᠲᠤᠮ ᠤᠨ ᠬᠢᠨᠠᠨ ᠬᠠᠷᠭᠤᠭᠤᠯᠬᠤ ᠪᠠ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ᠂ ᠲᠣᠮᠣ ᠳ᠋ᠠᠶᠢᠲ᠋ᠠ ᠪᠠᠷ ᠵᠠᠳᠠᠯᠬᠤ᠂ ᠪᠦᠭᠦ ᠪᠠᠶᠢᠳᠠᠯ ᠢ ᠣᠶᠤᠨᠲᠤ ᠬᠢᠨᠠᠨ ᠡᠵᠡᠮᠳᠡᠬᠦ ᠵᠡᠷᠭᠡ ᠣᠯᠠᠨ ᠵᠦᠢᠯ ᠤᠨ ᠭᠡᠯᠪᠡᠷᠢ  ᠶᠢᠨ ᠬᠡᠪᠰᠢᠭᠰᠡᠨ ᠬᠢᠨᠠᠨ ᠬᠠᠮᠢᠶᠠᠷᠬᠤ ᠰᠢᠰᠲ᠋ᠧᠮ ᠢ ᠪᠦᠷᠢᠯᠳᠦᠭᠦᠯᠦᠨ᠎ᠡ ᠭᠡᠵᠦ ᠲᠣᠳᠣᠷᠬᠠᠶᠢᠯᠠᠪᠠ᠃       ᠮᠡᠳᠡᠭᠳᠡᠯ ᠳᠤ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢ ᠣᠶᠤᠨᠲᠤ ᠬᠢᠨᠠᠨ ᠬᠠᠷᠭᠤᠭᠤᠯᠬᠤ ᠪᠠ ᠬᠢᠨᠠᠨ ᠡᠵᠡᠮᠳᠡᠬᠦ ᠠᠵᠢᠯ ᠢ ᠵᠥᠪᠯᠡᠯᠴᠡᠭᠡᠷ ᠤᠨ ᠬᠠᠮᠢᠶᠠᠷᠤᠯᠲᠠ ᠶᠢᠨ ᠠᠵᠢᠯ ᠲᠠᠢ ᠤᠶᠠᠯᠳᠤᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠣᠶᠤᠨᠲᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠬᠤ ᠶᠢ ᠵᠣᠷᠢᠭᠵᠢᠭᠤᠯᠵᠤ᠂ ᠰᠢᠰᠲ᠋ᠧᠮ ᠢ ᠵᠣᠯᠭᠠᠭᠤᠯᠤᠭᠰᠠᠨ ᠪᠠᠶᠢᠳᠠᠯ ᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠣᠨ ᠤ ᠰᠢᠯᠭᠠᠨ ᠪᠠᠶᠢᠴᠠᠭᠠᠯᠲᠠ ᠵᠡᠷᠭᠡ ᠲᠠᠢ ᠬᠤᠯᠪᠣᠭᠳᠠᠭᠤᠯᠤᠨ᠎ᠠ᠃ ᠡᠭᠦᠨ ᠤ ᠬᠠᠮᠲᠤ᠂ ᠣᠶᠤᠨᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠥᠷᠨᠢᠭᠦᠯᠦᠭᠰᠡᠨ ᠡᠮ ᠡᠮᠨᠡᠯᠭᠡ ᠶᠢᠨ ᠪᠠᠶᠢᠭᠤᠯᠤᠮᠵᠢ ᠳᠤ ᠲᠤᠬᠠᠢ ᠶᠢᠨ ᠲᠠᠯᠠᠪᠠᠶ ᠶᠢᠨ ᠪᠠᠶᠢᠴᠠᠭᠠᠯᠲᠠ ᠶᠢ ᠪᠠᠭᠠᠰᠬᠠᠬᠤ ᠵᠡᠷᠭᠡ ᠲᠥᠷᠥ ᠶᠢᠨ ᠪᠣᠳᠣᠯᠭ᠎ᠠ ᠶᠢ ᠰᠦᠪᠡᠭᠴᠢᠯᠡᠨ᠎ᠡ ᠭᠡᠵᠦ  ᠱᠠᠭᠠᠷᠳᠠᠪᠠ᠃       ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠶᠡᠷᠦᠩᠬᠡᠢ ᠳᠤᠨᠢ ᠠᠪᠴᠤ ᠦᠵᠡᠪᠡᠯ᠂ ᠡᠮ ᠡᠮᠨᠡᠯᠭᠡ ᠶᠢᠨ ᠪᠠᠶᠢᠭᠤᠯᠤᠮᠵᠢ ᠣᠶᠤᠨᠲᠤ ᠬᠢᠨᠠᠨ ᠡᠵᠡᠮᠳᠡᠬᠦ ᠪᠠᠷ ᠳᠠᠮᠵᠢᠭᠤᠯᠤᠨ᠂ ᠡᠮᠴᠢᠯᠡᠭᠡᠨ ᠤ ᠠᠵᠢᠯᠲᠠᠨ ᠤ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠠᠨᠠᠭᠠᠴᠢᠯᠠᠭ᠎ᠠ ᠲᠠᠢ ᠪᠠᠷ ᠰᠠᠨᠠᠭᠤᠯᠬᠤ ᠪᠠ ᠬᠤᠷᠢᠭᠯᠠᠵᠤ᠂ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠰᠠᠨᠠᠭᠤᠯᠬᠤ ᠪᠣᠯᠣᠨ᠎ᠠ᠃ ᠣᠳᠣᠬᠠᠨ ᠳᠤ᠂ ᠨᠠᠩ ᠣᠯᠠᠨ ᠲᠣᠭᠲᠠᠭᠰᠠᠨ ᠡᠮᠨᠡᠯᠭᠡ ᠶᠢᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠣᠶᠤᠨᠲᠤ ᠬᠢᠨᠠᠨ ᠡᠵᠡᠮᠳᠡᠯ ᠢ ᠠᠰᠢᠭᠯᠠᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠶᠢ ᠪᠡᠶᠡᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠪᠠᠭᠠᠰᠬᠠᠵᠤ ᠪᠠᠶᠢᠨ᠎ᠠ ᠭᠡᠵᠦ ᠲᠠᠨᠢᠯᠴᠠᠭᠤᠯᠪᠠ᠃       ᠲᠣᠰ ᠬᠠᠷᠢᠭᠤᠴᠠᠯᠭᠠᠲᠠᠨ᠂ ᠣᠶᠤᠨᠴᠢᠯᠠᠭᠰᠠᠨ ᠬᠢᠨᠠᠨ ᠬᠠᠮᠢᠶᠠᠷᠬᠤ ᠠᠷᠭ᠎ᠠ ᠪᠠᠷᠢᠯ ᠨᠢ  ᠡᠮ  ᠡᠮᠨᠡᠯᠭᠡ   ᠶᠢᠨ  ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠭᠰᠠᠨ ᠠᠴᠠ ᠪᠣᠯᠵᠤ ᠳᠠᠭᠠᠳᠬᠠᠯ ᠳᠤ ᠣᠷᠣᠯᠴᠠᠭᠰᠠᠳ ᠤᠨ ᠬᠡᠪ ᠤᠨ ᠡᠪᠡᠳᠴᠢᠨ ᠦᠵᠡᠭᠦᠯᠭᠦ ᠦᠶᠯᠡ ᠠᠵᠢᠯᠯᠠᠭ᠎ᠠ ᠳᠤ ᠨᠥᠯᠥᠭᠡ ᠪᠤᠯᠬᠤ ᠦᠭᠡᠢ᠃ ᠢᠯᠡ ᠲᠣᠳᠣ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠪᠠ ᠭᠠᠷ ᠲᠦᠷᠦᠭᠦ ᠪᠠᠨ ᠴᠢᠩᠭᠠᠳᠬᠠᠵᠤ᠂ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠠᠶᠠᠨᠳᠠᠭᠠᠨ ᠬᠤᠷᠢᠭᠯᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠂ ᠵᠦᠢ ᠵᠣᠬᠢᠰᠲᠠᠢ ᠡᠮᠴᠢᠯᠡᠭᠡᠨ ᠤ ᠲᠥᠷᠥᠯ ᠳᠤ ᠬᠤᠯᠪᠣᠭᠳᠠᠬᠤ ᠠᠰᠠᠭᠤᠳᠠᠯ ᠳᠤ᠂ ᠰᠢᠰᠲ᠋ᠧᠮ ᠤᠨ ᠬᠢᠨ ᠰᠡᠵᠢᠭᠲᠡᠢ ᠠᠰᠠᠭᠤᠳᠠᠯ ᠢ ᠪᠠᠶᠢᠴᠠᠭᠠᠵᠤ ᠭᠠᠷᠭᠠᠭᠰᠠᠨ ᠤ ᠳᠠᠷᠠᠭ᠎ᠠ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠲᠡᠭᠦᠨ ᠢᠶᠠᠷ ᠭᠤᠮᠣᠳᠠᠯ ᠲᠣᠭᠠᠴᠢᠭᠤᠯᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠭᠤᠮᠣᠳᠠᠯ ᠲᠣᠭᠠᠴᠢᠬᠤ ᠰᠠᠨᠠᠯ ᠢ ᠭᠦᠢᠴᠡᠳ ᠰᠣᠨᠣᠰᠬᠤ ᠶᠢᠨ ᠬᠠᠮᠲᠤ ᠴᠢᠬᠤᠯᠠ ᠪᠦᠬᠦᠢ ᠳᠠᠭᠢᠨ ᠬᠢᠨᠠᠬᠤ᠂ ᠬᠠᠮᠲᠤᠷᠠᠨ ᠵᠥᠪᠯᠡᠬᠦ᠂ ᠡᠴᠦᠰ ᠤᠨ ᠬᠢᠨᠠᠯᠲᠠ ᠬᠢᠬᠦ ᠵᠡᠷᠭᠡ ᠲᠡᠰ ᠳᠠᠷᠠᠭᠠᠯᠠᠯ ᠢᠶᠠᠷ ᠳᠡᠮᠵᠢᠨ ᠲᠥᠯᠥᠬᠦ ᠡᠰᠡᠬᠦ ᠶᠢ ᠲᠣᠭᠲᠠᠭᠠᠬᠤ ᠬᠡᠷᠡᠭᠲᠡᠢ ᠭᠡᠵᠦ ᠲᠠᠨᠢᠯᠴᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号