ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 108 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/18
     9 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 108 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ︔ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠠᠷ ᠰᠠᠶᠢᠲᠤᠷ ᠥᠷᠨᠢᠭᠦᠯᠵᠦ᠂ ᠦᠵᠡᠯ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠪᠦᠬᠦ ᠰᠢᠶᠠᠨ ᠤ ᠡᠯ᠎ᠡ ᠵᠦᠢᠯ ᠤᠨ ᠦᠢᠯᠡᠰ ᠢ ᠠᠬᠢᠭᠤᠯᠤᠨ ᠰᠢᠨ᠎ᠡ ᠠᠬᠢᠴᠠ ᠲᠠᠢ ᠪᠣᠯᠭᠠᠵᠤ᠂ ᠰᠢᠨ᠎ᠡ ᠰᠢᠪᠲᠤᠯᠤᠯᠲᠠ ᠲᠠᠢ ᠪᠣᠯᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠮᠠᠨ ᠤ ᠰᠢᠶᠠᠨ ᠤ ᠣᠨᠴᠠᠯᠢᠭᠲᠤ ᠰᠣᠶᠣᠯ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠵᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠠᠵᠢᠯᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠯ᠎ᠡ ᠵᠦᠢᠯ ᠤᠨ ᠰᠣᠶᠣᠯ ᠵᠤᠭᠠᠴᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠰᠢᠶᠠᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠦᠴᠦᠸᠠᠨ ᠰᠢᠶᠠᠨ ᠤ ᠭᠦᠨ ᠵᠤᠵᠠᠭᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠤᠨ ᠲᠣᠭᠤᠷᠢᠨ ᠳᠤ᠂ ᠴᠢᠨᠠᠭᠰᠢᠳᠠ ᠰᠤᠷᠤᠯᠴᠠᠨ ᠰᠤᠳᠤᠯᠵᠤ᠂ ᠭᠦᠨᠵᠡᠭᠡᠢ ᠠᠭᠤᠳᠠᠯᠵᠤ᠂ ᠯᠣᠭᠢᠭ ᠢᠶᠠᠷ ᠬᠤᠷᠢᠶᠠᠩᠭᠤᠶᠢᠯᠠᠵᠤ᠂ ᠨᠠᠷᠢᠯᠢᠭᠵᠢᠭᠤᠯᠤᠨ ᠲᠠᠶᠢᠯᠪᠤᠷᠢᠯᠠᠵᠤ᠂ ᠡᠭᠦᠨ ᠤ ᠤᠯᠠᠮ ᠢᠶᠠᠷ ᠡᠯᠪᠡᠭ ᠪᠠᠶᠠᠯᠢᠭ ᠪᠣᠳᠠᠲᠠᠢ ᠠᠭᠤᠯᠭ᠎ᠠ ᠲᠠᠢ ︽ᠤᠮᠠᠷᠠᠲᠤ ᠶᠢᠨ ᠰᠣᠶᠣᠯ︾  ᠢ ᠪᠦᠷᠢᠯᠳᠦᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠪᠠᠷᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠠᠯᠳᠠᠰᠢ ᠭᠠᠷᠬᠤ ᠶᠢ ᠡᠷᠡᠰ ᠬᠤᠷᠢᠭᠯᠠᠵᠤ᠂ ᠠᠮᠤᠷ ᠲᠦᠪᠰᠢᠨ ᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠲᠥᠷᠥᠯ ᠵᠦᠢᠯ ᠢ ᠲᠥᠯᠥᠪᠵᠢᠭᠦᠯᠬᠦ ᠨᠢ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠠᠴᠢ ᠬᠤᠯᠪᠣᠭᠳᠠᠯ  ᠲᠠᠢ ᠭᠡᠳᠡᠭ ᠢ ᠭᠦᠨᠵᠡᠭᠡᠢ ᠲᠠᠨᠢᠵᠤ᠂ ︽ᠲᠥᠷᠥᠯ ᠵᠦᠢᠯ ᠢᠶᠠᠷ ᠭᠤᠣᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠢᠶᠠᠷ ᠪᠥᠬᠦ ᠲᠠᠯ᠎ᠠ ᠶᠢ ᠲᠣᠭᠲᠠᠭᠠᠨ᠂ ᠲᠥᠷᠥᠯ ᠵᠦᠢᠯ ᠢᠶᠠᠷ ᠬᠥᠭᠵᠢᠯᠲᠡ ᠶᠢ ᠠᠬᠢᠭᠤᠯᠵᠤ᠂ ᠲᠥᠷᠥᠯ ᠵᠦᠢᠯ ᠢ ᠲᠥᠯᠥᠪᠵᠢᠭᠦᠯᠬᠦ ᠲᠠᠯ᠎ᠠ ᠪᠠᠷ ᠡᠷᠴᠢᠮ ᠢᠶᠠᠨ ᠴᠢᠩᠭᠠᠷᠠᠭᠤᠯᠤᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠢ ᠡᠷᠲᠡᠯᠡᠨ ᠰᠠᠶᠢᠲᠤᠷ ᠬᠢᠵᠦ᠂ ᠥᠨᠳᠥᠷ ᠭᠠᠷᠤᠭ᠎ᠠ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠰᠡᠯᠭᠦᠬᠦ ᠬᠦᠴᠦᠨ ᠢ ᠨᠡᠮᠡᠭᠳᠡᠭᠦᠯᠬᠦ‍ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号