ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ | ᠣᠶᠢᠯᠠᠭᠠᠭᠰᠠᠨ ᠢᠶᠠᠷ᠂ ᠡᠮᠦᠨᠡᠬᠢ ᠬᠤᠭᠤᠴᠠᠭᠠᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ 4. | 29 ᠳ᠋ᠦᠩᠰᠢᠭᠤᠷ ᠲᠥᠭᠦᠷᠢᠭ ᠤᠨ ᠰᠠᠭᠤᠷᠢᠨ ᠳᠡᠭᠡᠷ᠎ᠡ᠂ ᠭᠠᠮᠰᠢᠭ ᠤᠨ ᠪᠠᠶᠢᠳᠠᠯ ᠤᠨ ᠪᠣᠳᠠᠲᠠᠢ ᠪᠠᠶᠢᠳᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠤᠷᠢᠳ ᠬᠤᠵᠢᠳ ᠲᠥᠪ ᠤᠨ ᠡᠳ᠋ ᠤᠨ | ᠵᠠᠰᠠᠭ ᠤᠨ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ | ᠭᠠᠮᠰᠢᠭ ᠠᠴᠠ ᠠᠪᠤᠷᠠᠬᠤ 2.756 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠪᠠ᠃ ᠡᠭᠦᠨ ᠤ | ᠳᠣᠲᠣᠷ᠎ᠠ᠂ 0.911 ᠳ᠋ᠦᠩᠰᠢᠭᠤᠷ ᠲᠥᠭᠦᠷᠢᠭ ᠢ ᠡᠪᠡᠰᠦ ᠪᠣᠷᠳᠤᠭ᠎ᠠ ᠳᠤ ᠨᠥᠬᠦᠪᠦᠷᠢ ᠣᠯᠭᠤᠬᠤ ᠪᠡᠯᠡ ᠮᠥᠩᠭᠦ ᠪᠠᠷ | ᠬᠡᠷᠡᠭᠯᠡᠵᠦ᠂ ᠦᠶᠡᠷ ᠤᠰᠤᠲᠤᠯ ᠤᠨ ᠭᠠᠮᠰᠢᠭ ᠭᠠᠷᠤᠭᠰᠠᠨ ᠭᠠᠵᠠᠷ ᠣᠷᠣᠨ ᠤ ᠭᠠᠮᠰᠢᠭ ᠢ ᠪᠠᠭᠠᠰᠬᠠᠵᠤ ᠭᠠᠮᠰᠢᠭ ᠠᠴᠠ | ᠠᠪᠤᠷᠠᠬᠤ ᠠᠵᠢᠯ ᠳᠤ 1.209 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠬᠡᠷᠡᠭᠯᠡᠵᠦ᠂ 0.636 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠬᠡᠷᠡᠭᠯᠡᠪᠡ᠃ | ᠪᠡᠯᠡ ᠮᠥᠩᠭᠦ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠦᠢᠯᠡᠳᠦᠯ ᠢ | ᠴᠠᠭ ᠲᠤᠬᠠᠢ ᠳᠤᠨᠢ ᠪᠦᠲᠦᠮᠵᠢᠲᠡᠶ ᠪᠠᠳᠠᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠮᠠᠯ | ᠠᠵᠤ ᠠᠬᠤᠢ ᠲᠠᠷᠢᠶᠠᠯᠠᠩ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ | ᠠᠵᠢᠯ ᠢ ᠰᠠᠶᠢᠲᠤᠷ ᠥᠷᠨᠢᠭᠦᠯᠪᠡ᠃ ︽ᠪᠠᠴᠢᠮ ᠶᠠᠪᠤᠳᠠᠯ ᠢ ᠪᠠᠴᠢᠮ ᠭᠦᠢᠴᠡᠳᠬᠡᠬᠦ᠂ ᠤᠨᠴᠠᠭᠠᠢ ᠶᠠᠪᠤᠳᠠᠯ ᠢ ᠤᠨᠴᠠᠭᠠᠢ | ᠭᠦᠢᠴᠡᠳᠬᠡᠬᠦ︾ ᠵᠠᠷᠴᠢᠮ ᠶᠣᠰᠣᠭᠠᠷ᠂ 5 ᠠᠵᠢᠯᠯᠠᠬᠤ ᠡᠳᠦᠷ ᠤᠨ ᠳᠣᠲᠣᠷ᠎ᠠ ᠪᠡᠯᠡ ᠮᠥᠩᠭᠦ ᠶᠢ ᠬᠠᠮᠢᠶ᠎ᠠ ᠪᠦᠬᠦᠢ | ᠠᠶᠢᠮᠠᠭ ᠬᠤᠳᠠ ᠳᠤ ᠪᠠᠭᠤᠯᠭᠠᠵᠤ᠂ ᠰᠢᠯᠢ ᠶᠢᠨ ᠭᠤᠣᠯ ᠠᠶᠢᠮᠠᠭ᠂ ᠲᠦᠩᠯᠢᠶᠣᠣ ᠬᠤᠳᠠ᠂ ᠬᠥᠯᠥᠨ ᠪᠤᠶᠢᠷ ᠬᠤᠳᠠ᠂ | ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠣᠷᠳᠣᠰ ᠬᠤᠳᠠ᠂ ᠪᠠᠶᠠᠨᠨᠠᠭᠤᠷ ᠬᠤᠳᠠ᠂ ᠤᠯᠠᠭᠠᠨᠴᠠᠪ ᠬᠤᠳᠠ ᠵᠡᠷᠭᠡ | ᠭᠠᠵᠠᠷ ᠤᠨ ᠲᠡᠵᠢᠭᠡᠯ ᠡᠪᠡᠰᠦ ᠪᠣᠷᠳᠤᠭ᠎ᠠ ᠶᠢᠨ ᠨᠥᠬᠦᠪᠦᠷᠢ ᠪᠣᠯᠣᠨ ᠭᠠᠩ ᠬᠠᠭᠰᠠᠷᠠᠭᠠᠨ ᠲᠠᠢ ᠲᠡᠮᠡᠴᠡᠬᠦ ᠤᠰᠤᠨ | ᠰᠤᠷᠪᠤᠯᠵᠢ ᠶᠢᠨ ᠪᠠᠷᠢᠯᠭ᠎ᠠ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠰᠦᠢᠳᠦᠯ ᠳᠤ ᠨᠥᠬᠦᠪᠦᠷᠢ ᠣᠯᠭᠤᠵᠤ | ᠲᠤᠰᠠᠯᠠᠬᠤ ᠳᠤ ᠭᠤᠣᠯᠳᠠᠯᠭ᠎ᠠ ᠲᠠᠢ ᠬᠡᠷᠡᠭᠯᠡᠬᠦ ᠪᠠᠷ ᠪᠠᠶᠢᠨ᠎ᠠ᠃ | ᠲᠤᠰ ᠵᠢᠯ ᠤᠨ ᠨᠢᠭᠡᠨᠲᠡ ᠪᠠᠭᠤᠯᠭᠠᠭᠰᠠᠨ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠬᠦ ᠶᠢᠨ ᠲᠥᠯᠥᠭᠡ᠂ ᠪᠡᠯᠡ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠶᠢ ᠴᠢᠩᠳᠠᠯᠠᠵᠤ᠂ ᠪᠡᠯᠡ ᠮᠥᠩᠭᠦ ᠶᠢᠨ ᠦᠷ᠎ᠡ ᠠᠰᠢᠭ ᠢ ᠦᠨᠡᠨ ᠬᠦ ᠪᠠᠳᠠᠷᠠᠭᠤᠯᠵᠤ᠂ ᠡᠪᠡᠰᠦ | ᠪᠣᠷᠳᠤᠭ᠎ᠠ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠭᠠᠮᠰᠢᠭ ᠤᠨ ᠬᠤᠬᠢᠷᠠᠯ ᠢ ᠪᠠᠭᠠᠰᠬᠠᠵᠤ᠂ ᠪᠦᠭᠦ ᠵᠢᠯ ᠤᠨ | ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠡᠳ᠋ ᠤᠨ ᠬᠦᠴᠦᠨ ᠢᠶᠠᠨ ᠨᠢᠭᠡᠳᠦᠯᠲᠡᠢ ᠲᠥᠯᠥᠪᠵᠢᠭᠦᠯᠦᠨ᠂ | ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠳᠤ | ᠨᠢᠭᠡᠨᠲᠡ ᠳᠠᠩᠰᠠᠯᠠᠭᠤᠯᠤᠭᠰᠠᠨ ᠪᠠ ᠪᠠᠷᠢᠯᠭ᠎ᠠ ᠪᠠᠷᠢᠬᠤ ᠨᠥᠬᠦᠴᠡᠯ ᠢ ᠪᠦᠷᠢᠳᠦᠭᠦᠯᠦᠭᠰᠡᠨ ᠮᠥᠷᠲᠡᠭᠡᠨ ᠪᠡᠯᠡ | ᠮᠥᠩᠭᠦ ᠶᠢ ᠬᠡᠷᠡᠭᠵᠢᠭᠦᠯᠬᠦ ᠠᠬᠢᠴᠠ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠳᠤ ᠠᠮᠠᠯᠳᠠᠭᠰᠠᠨ ᠤᠰᠤᠨ ᠤ | ᠰᠤᠷᠪᠤᠯᠵᠢ ᠶᠢᠨ ᠪᠠᠷᠢᠯᠭ᠎ᠠ ᠵᠢᠴᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠲᠥᠷᠥᠯ ᠵᠦᠢᠯ ᠢ | ᠤᠷᠢᠳ ᠢᠶᠠᠷ ᠳᠡᠮᠵᠢᠬᠦ ᠪᠠᠷ ᠪᠤᠢ᠃ ᠡᠭᠦᠨ ᠤ ᠬᠠᠮᠲᠤ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ | ᠪᠣᠯᠣᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠴᠢᠩᠭᠠᠳᠬᠠᠵᠤ᠂ ᠰᠠᠷ᠎ᠠ ᠪᠦᠷᠢ ᠶᠢᠨ ᠲᠣᠬᠢᠷᠠᠭᠤᠯᠬᠤ ᠲᠣᠭᠲᠠᠴᠠ | ᠶᠢ ᠪᠠᠶᠢᠭᠤᠯᠤᠨ᠂ ᠪᠡᠯᠡ ᠮᠥᠩᠭᠦ ᠶᠢ ᠨᠥᠬᠦᠪᠦᠷᠢ ᠥᠭᠬᠦ ᠡᠲᠡᠭᠡᠳ ᠬᠢᠭᠡᠳ ᠲᠦᠷᠦᠯ ᠵᠦᠢᠯ ᠳᠤ ᠴᠠᠭ ᠲᠤᠬᠠᠢ ᠳᠤᠨᠢ | ᠣᠯᠭᠤᠬᠤ ᠶᠢ ᠪᠠᠲᠤᠯᠠᠬᠤ ᠪᠣᠯᠣᠨ᠎ᠠ᠃ |