ᠮᠠᠨ ᠤ ᠣᠷᠣᠨ ᠤ ᠭᠤᠣᠯᠳᠠᠯᠭ᠎ᠠ ᠲᠠᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︽ᠳᠡᠯᠡᠬᠡᠢ ᠶᠢᠨ ᠳᠡᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠲᠤᠩᠬᠠᠭ︾ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2023/9/18
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠬᠤᠯᠪᠤᠭ᠎ᠠ ᠣᠶᠢᠷ᠎ᠠ ᠳᠤ ᠮᠠᠨ ᠤ ᠣᠷᠣᠨ ᠤ ᠣᠷᠳᠣᠰ ᠤᠨ ᠱᠦᠷᠭᠡᠢ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠣᠷᠳᠣᠰ ᠤᠨ ᠤᠳᠤᠭ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯᠣᠨ ᠨᠢᠩᠰᠢᠶᠠ ᠶᠢᠨ ᠨᠢᠩ ᠳ᠋ᠦᠩ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠵᠡᠷᠭᠡ ᠣᠷᠳᠣᠰ᠂ ᠲᠡᠮᠡᠭᠡᠲᠦ᠂ ᠨᠢᠩ ᠳ᠋ᠦᠩ ᠢᠶᠠᠷ ᠭᠤᠣᠯ ᠪᠤᠯᠭᠠᠬᠰᠠᠨ ᠤᠯᠤᠰ ᠤᠨ ᠡᠨᠧᠷᠭᠢ ᠶᠢᠨ ︽ᠠᠯᠳᠠᠨ ᠭᠤᠷᠪᠠᠯᠵᠢᠨ ᠣᠷᠣᠨ︾  ᠳᠤ ᠣᠷᠣᠰᠢᠬᠤ 12 ᠭᠤᠣᠯᠳᠠᠯᠭ᠎ᠠ ᠲᠠᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠢ ᠬᠤᠯᠪᠤᠭᠠᠯᠠᠨ ︽ᠳᠡᠯᠡᠬᠡᠢ ᠶᠢᠨ ᠳᠡᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠲᠤᠩᠬᠠᠭ︾ ᠲᠤ ᠬᠠᠮᠲᠤ ᠪᠠᠷ ᠭᠠᠷ ᠤᠨ ᠦᠰᠦᠭ ᠵᠢᠷᠤᠪᠠ᠃      ᠲᠤᠩᠬᠠᠭ ᠲᠤ᠂ ᠲᠥᠯᠦᠪᠵᠢᠭᠦᠯᠭᠡ ᠲᠣᠭᠲᠠᠭᠠᠨ ᠬᠥᠲᠥᠯᠥᠨ ᠵᠢᠯᠤᠭᠤᠳᠬᠤ ᠶᠢ ᠴᠢᠩᠭᠠᠳᠬᠠᠬᠤ᠂ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠬᠤ᠂ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠭᠦ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠵᠡᠷᠭᠡ ᠳᠦᠷᠪᠡᠨ ᠶᠡᠭᠡ ᠠᠷᠭ᠎ᠠ ᠪᠠᠷᠢᠯ ᠢᠶᠠᠷ ᠳᠠᠮᠵᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠯᠦᠭᠵᠢᠯ ᠢ ᠪᠠᠶᠢᠭᠤᠯᠵᠤ᠂ ᠳᠡᠯᠡᠬᠡᠢ ᠳᠤ ᠣᠷᠣᠶᠢᠯᠠᠭᠰᠠᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠴᠣᠭᠴᠠᠯᠠᠨ᠂ ᠴᠢᠨᠠᠷ ᠰᠠᠶᠢᠲᠠᠢ ᠬᠥᠭᠵᠢᠭᠰᠡᠨ ᠳᠡᠯᠡᠬᠡᠢ ᠶᠢᠨ ᠳᠡᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠢ ᠪᠠᠶᠢᠭᠤᠯᠤᠨ᠎ᠠ ᠭᠡᠵᠦ ᠵᠠᠷᠯᠠᠪᠠ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠣᠷᠳᠣᠰ ᠬᠤᠳᠠ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ᠨᠡᠭᠦᠷᠡᠰᠦ ᠪᠠᠷ ᠴᠢᠯᠠᠭᠤᠨ ᠲᠣᠰᠣ ᠰᠢᠲᠠᠮᠠᠬᠠᠢ ᠬᠡᠢ ᠦᠢᠯᠡᠳᠪᠦᠷᠢᠯᠡᠬᠦ᠂ ᠨᠡᠭᠦᠷᠡᠰᠦ ᠪᠠᠷ ᠠᠯᠺᠧᠨ ᠦᠢᠯᠡᠳᠪᠦᠷᠢᠯᠡᠬᠦ᠂ ᠨᠡᠭᠦᠷᠡᠰᠦ ᠪᠠᠷ ᠡᠲ᠋ᠠ ᠬᠤᠶᠠᠷᠴᠢ ᠠᠯᠺᠤᠤᠯ ᠦᠢᠯᠡᠳᠪᠦᠷᠢᠯᠡᠬᠦ᠂ ᠨᠡᠭᠦᠷᠡᠰᠦ ᠪᠠᠷ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠵᠡᠷᠭᠡ ᠤᠯᠠᠨ ᠵᠤᠷᠪᠤᠰ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠪᠠᠶᠢᠨ᠎ᠠ᠃ ᠤᠳᠤ ᠣᠷᠳᠣᠰ ᠬᠤᠳᠠ ᠶᠠᠭ ᠤᠯᠤᠰ ᠤᠨ ᠶᠡᠷᠦᠳᠡ ᠶᠢᠨ ᠪᠤᠰᠤ ᠡᠨᠧᠷᠭᠢ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠨᠥᠭᠡᠴᠡᠯᠡᠬᠦ ᠰᠠᠭᠤᠷᠢᠨ᠂ ᠳᠡᠯᠡᠬᠡᠢ ᠶᠢᠨ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠦᠢᠯᠡᠳᠪᠦᠷᠢᠯᠡᠬᠦ ᠰᠠᠭᠤᠷᠢᠨ᠂ ︽ᠠᠶᠤᠯᠭᠦᠢ ᠦᠢᠯᠡᠳᠪᠦᠷᠢᠯᠡᠯ ᠢ ᠪᠠᠷᠢᠮᠵᠢᠶᠠᠵᠢᠭᠤᠯᠤᠭᠰᠠᠨ᠂ ᠨᠡᠭᠦᠷᠡᠰᠦᠨ ᠤ ᠦᠢᠯᠡᠳᠪᠦᠷᠢᠯᠡᠯ ᠢ ᠣᠶᠤᠨᠴᠢᠯᠠᠭᠰᠠᠨ᠂ ᠠᠭᠤᠷᠬᠠᠢ ᠶᠢᠨ ᠣᠷᠣᠨ ᠤ ᠠᠮᠢ ᠠᠬᠤᠢ ᠶᠢ ᠨᠣᠭᠤᠭᠠᠷᠠᠭᠤᠯᠤᠭᠰᠠᠨ︾ ᠨᠡᠭᠦᠷᠡᠰᠦ ᠪᠠᠷ ᠲᠦᠭᠦᠬᠡᠢ ᠮᠠᠲ᠋ᠧᠷᠢᠶᠠᠯ ᠪᠤᠯᠭᠠᠬᠰᠠᠨ ᠬᠢᠮᠢ ᠶᠢᠨ ᠰᠢᠷᠬᠡᠭᠯᠢᠭ ᠤᠨ ᠰᠠᠭᠤᠷᠢᠨ᠂ ᠨᠡᠭᠦᠷᠡᠰᠦ ᠪᠠᠷ ᠲᠦᠭᠦᠬᠡᠢ ᠮᠠᠲ᠋ᠧᠷᠢᠶᠠᠯ ᠪᠤᠯᠭᠠᠬᠰᠠᠨ ᠳᠡᠭᠡᠳᠦ ᠳᠡᠰ ᠤᠨ ᠬᠢᠮᠢ ᠶᠢᠨ ᠦᠢᠯᠡᠳᠬᠦᠨ ᠤ ᠰᠠᠭᠤᠷᠢᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠵᠠᠪᠰᠠᠷ ᠤᠨ ᠲᠤᠷᠰᠢᠯᠲᠠ ᠶᠢᠨ ᠰᠠᠭᠤᠷᠢᠨ ᠵᠡᠷᠭᠡ ︽ᠵᠢᠷᠭᠤᠭᠠᠨ ᠶᠡᠭᠡ ᠰᠠᠭᠤᠷᠢᠨ︾ ᠢ ᠪᠦᠭᠦ ᠬᠦᠴᠦᠨ ᠢᠶᠠᠷ ᠪᠦᠲᠦᠭᠡᠨ ᠪᠠᠶᠢᠭᠤᠯᠵᠤ᠂ ᠨᠡᠭᠦᠷᠡᠰᠦ ᠬᠢᠮᠢ  ᠶᠢᠨ ᠠᠵᠤ ᠦᠢᠯᠡᠳᠪᠦᠷᠢ ᠶᠢᠨ ᠳᠡᠭᠡᠳᠦ ᠳᠡᠰᠵᠢᠭᠦ᠂ ᠤᠯᠠᠨ ᠡᠰᠢᠵᠢᠬᠦ᠂ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠶᠡᠭᠡ ᠪᠠᠷ ᠠᠬᠢᠭᠤᠯᠤᠨ᠂ ︽ᠬᠡᠰᠡᠭ ᠨᠡᠭᠦᠷᠡᠰᠦ︾ ᠠᠴᠠ ︽ᠬᠥᠨᠥᠭ ᠲᠣᠰᠣ︾᠂ ︽ᠬᠡᠰᠡᠭ ᠪᠥᠰ︾ ᠬᠦᠷᠲᠡᠯᠡᠬᠢ ᠦᠷᠳᠡᠭ ᠨᠡᠮᠡᠭᠳᠡᠯ ᠢ ᠱᠠᠯᠠᠪᠳᠠᠨ ᠪᠡᠶᠡᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠴᠣᠭᠴᠠᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号