9 ᠰᠠᠷ᠎ᠠ ᠶᠢᠨ 11 - 14 ᠤ ᠡᠳᠦᠷ ᠪᠤᠯᠲᠠᠯ᠎ᠠ᠂ ᠭᠤᠷᠪᠠᠳᠤᠭᠠᠷ ᠬᠤᠭᠤᠴᠠᠭᠠᠨ ᠤ ᠶᠡᠭᠡ ᠳᠤᠮᠳᠠ | ᠠᠽᠢᠶ᠎ᠠ ᠶᠢᠨ ᠭᠠᠵᠠᠷ ᠣᠷᠣᠨ ᠤ ᠤᠢ ᠰᠢᠭᠤᠢ ᠶᠢᠨ ᠶᠠᠮᠤᠨ ᠤ ᠰᠠᠶᠢᠳ ᠤᠨ ᠲᠡᠰ ᠤᠨ ᠬᠤᠷᠠᠯ ᠤᠯᠠᠭᠠᠨᠬᠠᠳᠠ | ᠬᠤᠳᠠ ᠶᠢᠨ ᠬᠠᠷᠠᠴᠢᠨ ᠬᠤᠰᠢᠭᠤᠨ ᠤ ᠸᠠᠩ ᠶᠧ ᠳ᠋ᠢᠶᠠᠨ ᠤᠯᠠᠨ ᠴᠢᠳᠠᠮᠵᠢᠲᠤ ᠤᠢ ᠰᠢᠭᠤᠢ ᠶᠢᠨ ᠪᠡᠶᠡᠴᠢᠯᠡᠨ | ᠣᠶᠢᠯᠠᠭᠠᠬᠤ ᠰᠠᠭᠤᠷᠢᠨ ᠳᠤ ᠬᠤᠷᠠᠯᠳᠤᠪᠠ᠃ ᠳᠤᠮᠳᠠᠳᠤ ᠤᠯᠤᠰ᠂ ᠮᠣᠩᠭᠤᠯ ᠤᠯᠤᠰ᠂ ᠺᠢᠷᠭᠢᠽᠰᠲ᠋ᠠᠨ᠂ ᠲᠦᠷᠺᠮᠧᠨ᠋ᠰᠲ᠋ᠠᠨ᠂ | ᠲᠠᠵᠢᠺᠰᠲ᠋ᠠᠨ ᠪᠣᠯᠣᠨ ᠦᠽᠪᠸᠺᠰᠲ᠋ᠠᠨ ᠤ ᠤᠢ ᠰᠢᠭᠤᠢ ᠶᠢᠨ ᠠᠵᠢᠯ ᠢ ᠭᠤᠣᠯᠯᠠᠨ ᠬᠠᠮᠢᠶᠠᠷᠬᠤ ᠶᠠᠮᠤᠨ ᠲᠣᠪᠴᠢᠶ᠎ᠠ | ᠶᠢᠨ ᠳᠠᠷᠤᠭ᠎ᠠ ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ ᠪᠦᠯᠭᠦᠮ ᠳᠠᠭᠠᠭᠤᠯᠤᠨ ᠬᠤᠷᠠᠯ ᠳᠤ ᠣᠷᠣᠯᠴᠠᠪᠠ᠃ | ᠬᠤᠷᠠᠯ ᠨᠢ ︽ᠣᠷᠣᠨ ᠪᠦᠰᠡ ᠶᠢᠨ ᠣᠶ ᠰᠢᠭᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ | ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ︾ ᠪᠠᠷ ᠭᠤᠣᠯ ᠰᠡᠳᠦᠪ ᠪᠤᠯᠭᠠᠵᠤ᠂ ᠭᠠᠵᠠᠷ ᠣᠷᠣᠨ ᠤ ᠣᠶ | ᠰᠢᠭᠤᠢ ᠶᠢᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠠᠬᠢᠭᠤᠯᠬᠤ᠂ ᠭᠠᠩ ᠬᠠᠭᠤᠷᠠᠢ ᠭᠠᠵᠠᠷ ᠣᠷᠣᠨ ᠤ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠵᠡᠷᠭᠡ | ᠬᠦᠷᠢᠶᠡᠨ ᠳᠠᠬᠢ ᠬᠤᠣᠰ ᠣᠯᠠᠨ ᠲᠠᠯᠠᠲᠤ ᠬᠠᠮᠲᠤᠷᠠᠯᠴᠠᠭ᠎ᠠ ᠶᠢᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠪᠠ | ᠶᠠᠷᠢᠯᠴᠠᠭ᠎ᠠ ᠬᠢᠭᠰᠡᠨ ᠪᠥᠭᠡᠳ ᠢᠷᠡᠭᠡᠳᠦᠢ ᠶᠢᠨ ᠣᠶ ᠰᠢᠭᠤᠢ ᠶᠢᠨ ᠬᠠᠮᠲᠤᠷᠠᠯᠴᠠᠭ᠎ᠠ ᠶᠢᠨ ᠲᠤᠬᠠᠢ ᠣᠯᠠᠨ ᠵᠦᠢᠯ ᠤᠨ | ᠬᠠᠮᠲᠤ ᠶᠢᠨ ᠲᠠᠨᠢᠯᠲᠠ ᠲᠠᠢ ᠪᠣᠯᠤᠭᠰᠠᠨ ᠮᠥᠷᠲᠡᠭᠡᠨ ᠳᠥᠷᠪᠡᠳᠦᠭᠡᠷ ᠤᠳᠠᠭᠠᠨ ᠤ ᠰᠠᠶᠢᠳ ᠤᠨ ᠲᠠᠰ ᠤᠨ ᠬᠤᠷᠠᠯ ᠢ | ᠮᠣᠩᠭᠤᠯ ᠤᠯᠤᠰ ᠲᠤ ᠬᠤᠷᠠᠯᠳᠤᠭᠤᠯᠬᠤ ᠶᠢ ᠵᠥᠪᠰᠢᠶᠡᠷᠡᠪᠡ᠃ | ᠬᠤᠷᠠᠯ ᠠᠴᠠ ︽ᠶᠡᠭᠡ ᠳᠤᠮᠳᠠ ᠠᠽᠢᠶ᠎ᠠ ᠶᠢᠨ ᠣᠶ ᠰᠢᠭᠤᠢ ᠶᠢᠨ ᠦᠢᠯᠡᠰ ᠤᠨ ᠬᠠᠮᠲᠤᠷᠠᠯᠴᠠᠭᠠᠨ ᠤ | ᠲᠣᠭᠲᠠᠴᠠ ᠶᠢᠨ 2023 - 2025 ᠣᠨ ᠤ ᠠᠵᠢᠯᠯᠠᠭᠠᠨ ᠤ ᠲᠥᠯᠥᠪᠯᠡᠭᠡ︾ ᠶᠢ ᠪᠠᠲᠤᠯᠠᠪᠠ᠃ ᠲᠥᠯᠥᠪᠯᠡᠭᠡ ᠶᠢ | ᠦᠨᠳᠦᠰᠦᠯᠡᠪᠡᠯ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠶ ᠰᠢᠭᠤᠢ ᠶᠢᠨ ᠵᠣᠬᠢᠶᠠᠨ ᠪᠠᠶᠢᠭᠤᠯᠤᠯᠲᠠ | ᠲᠥᠷᠥ ᠶᠢᠨ ᠪᠣᠳᠣᠯᠭ᠎ᠠ ᠶᠢᠨ ᠶᠠᠷᠢᠯᠴᠠᠭ᠎ᠠ᠂ ᠴᠢᠳᠠᠪᠤᠷᠢ ᠶᠢᠨ ᠪᠠᠶᠢᠭᠤᠯᠤᠯᠲᠠ᠂ ᠲᠥᠷᠥᠯ ᠵᠦᠢᠯ ᠤᠨ ᠬᠡᠷᠡᠭᠵᠢᠭᠦᠯᠦᠯᠲᠡ᠂ | ᠮᠡᠳᠡᠭᠡ ᠵᠠᠩᠭᠢ ᠶᠢᠨ ᠰᠣᠯᠢᠯᠴᠠᠭ᠎ᠠ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠶᠡᠭᠡ ᠳᠤᠮᠳᠠ ᠠᠽᠢᠶ᠎ᠠ ᠶᠢᠨ ᠣᠷᠣᠨ | ᠪᠦᠰᠡ ᠶᠢᠨ ᠲᠠᠴᠢᠷᠳᠠᠭᠰᠠᠨ ᠣᠶ ᠰᠢᠭᠤᠢ ᠪᠠ ᠨᠤᠲᠤᠭ ᠪᠡᠯᠴᠢᠭᠡᠷ ᠤᠨ ᠰᠡᠷᠭᠦᠯᠲᠡ ᠶᠢ ᠠᠬᠢᠭᠤᠯᠵᠤ᠂ ᠤᠷᠭᠤᠮᠠᠯ ᠤᠨ | ᠬᠤᠴᠢᠯᠭ᠎ᠠ ᠶᠢᠨ ᠶᠠᠰᠤ ᠴᠢᠨᠠᠷ ᠪᠠ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠦᠨ᠂ ᠤᠷᠭᠤᠮᠠᠯ ᠤᠨ | ᠬᠤᠴᠢᠯᠭ᠎ᠠ ᠶᠢᠨ ᠦᠷᠭᠦᠯᠵᠢᠯᠡᠬᠦ ᠡᠵᠡᠩᠨᠡᠯᠲᠡ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ | ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠤᠷᠭᠤᠮᠠᠯ ᠤᠨ ᠬᠤᠴᠢᠯᠭ᠎ᠠ ᠶᠢᠨ ᠬᠤᠬᠢᠷᠠᠯ ᠪᠠ ᠮᠠᠭᠤᠳᠠᠯ ᠢ | ᠪᠠᠭᠠᠰᠬᠠᠨ᠂ ᠣᠷᠣᠨ ᠪᠦᠰᠡ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠨᠡᠶᠢᠭᠡᠮ ᠠᠵᠤ ᠠᠬᠤᠢ ᠶᠢᠨ ᠦᠷ᠎ᠡ | ᠠᠰᠢᠭ ᠢ ᠳᠡᠭᠡᠭᠰᠢᠯᠡᠭᠦᠯᠵᠦ᠂ ᠡᠯᠡᠰᠦᠨ ᠰᠢᠭᠤᠷᠭ᠎ᠠ ᠵᠡᠷᠭᠡ ᠬᠠᠮᠲᠤ ᠶᠢᠨ ᠠᠮᠢ ᠠᠬᠤᠢ ᠶᠢᠨ ᠠᠰᠠᠭᠤᠳᠠᠯ ᠢ | ᠨᠠᠮᠳᠠᠭᠤᠯᠬᠤ ᠪᠣᠯᠣᠨ᠎ᠠ᠃ | ᠬᠠᠷᠠᠴᠢᠨ ᠬᠤᠰᠢᠭᠤᠨ ᠤ ᠣᠢ ᠰᠢᠭᠤᠢ ᠶᠢᠨ ᠡᠬᠢ ᠪᠠᠶᠠᠯᠢᠭ ᠡᠯᠪᠡᠭ᠂ ᠠᠮᠢ ᠠᠬᠤᠢ ᠣᠷᠴᠢᠨ ᠲᠣᠭᠤᠷᠢᠨ | ᠰᠠᠶᠢᠨ ᠪᠠᠶᠢᠳᠠᠭ᠃ ᠪᠦᠭᠦ ᠬᠤᠰᠢᠭᠤᠨ ᠤ ᠣᠶ ᠰᠢᠭᠤᠢ ᠳᠤ ᠬᠡᠷᠡᠭᠯᠡᠬᠦ ᠭᠠᠵᠠᠷ ᠤᠨ ᠲᠠᠯᠠᠪᠠᠶ ᠨᠢ 308 ᠲᠦᠮᠡᠨ ᠮᠦ᠂ | ᠣᠶ ᠰᠢᠭᠤᠢ ᠶᠢᠨ ᠲᠠᠯᠠᠪᠠᠶ ᠨᠢ 264.2 ᠲᠦᠮᠡᠨ ᠮᠦ ᠪᠠᠶᠢᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠨᠢ | 57.8% ᠳᠤ ᠬᠦᠷᠴᠦ᠂ ᠬᠢᠯᠢ ᠳᠣᠲᠣᠷ᠎ᠠ ᠡᠮᠡᠭᠡᠯ ᠠᠭᠤᠯᠠ ᠤᠯᠤᠰ ᠤᠨ ᠣᠶ ᠰᠢᠭᠤᠢ ᠶᠢᠨ ᠴᠡᠴᠡᠷᠯᠢᠭ᠂ ᠸᠠᠩ ᠶᠧ | ᠳ᠋ᠢᠶᠠᠨ ᠤᠯᠤᠰ ᠤᠨ ᠣᠶ ᠰᠢᠭᠤᠢ ᠶᠢᠨ ᠴᠡᠴᠡᠷᠯᠢᠭ ᠪᠤᠶ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ | ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠶ ᠰᠢᠭᠤᠢ ᠶᠢᠨ ᠵᠣᠬᠢᠶᠠᠨ ᠪᠠᠶᠢᠭᠤᠯᠤᠯᠲᠠ ᠬᠢᠭᠡᠳ ᠸᠠᠩ ᠶᠧ | ᠳ᠋ᠢᠶᠠᠨ ᠤ ᠲᠤᠷᠰᠢᠯᠲᠠ ᠶᠢᠨ ᠣᠶ ᠰᠢᠭᠤᠢ ᠶᠢᠨ ᠲᠠᠯᠠᠪᠠᠶ ᠬᠠᠮᠲᠤᠷᠠᠨ ︽ᠣᠯᠠᠨ ᠴᠢᠳᠠᠮᠵᠢᠲᠤ ᠣᠶ ᠰᠢᠭᠤᠢ ᠶᠢᠨ | ᠪᠡᠶᠡᠴᠢᠯᠡᠨ ᠣᠶᠢᠯᠠᠭᠠᠬᠤ ᠰᠠᠭᠤᠷᠢᠨ︾ ᠢ ᠬᠠᠮᠲᠤ ᠪᠠᠷ ᠪᠠᠶᠢᠭᠤᠯᠵᠤ᠂ ᠣᠶ ᠰᠢᠭᠤᠢ ᠶᠢᠨ ᠲᠠᠯᠠᠪᠠᠶ ᠶᠢ ᠡᠳ᠋ ᠮᠥᠩᠭᠦ ᠪᠠᠷ | ᠲᠤᠰᠠᠯᠠᠨ ︽ᠣᠯᠠᠨ ᠴᠢᠳᠠᠮᠵᠢᠲᠤ ᠣᠶ ᠰᠢᠭᠤᠢ ᠶᠢᠨ ᠵᠢᠱᠢᠶ᠎ᠡ ᠦᠵᠡᠭᠦᠯᠭᠦ ᠲᠥᠷᠥᠯ ᠵᠦᠢᠯ︾ ᠢ ᠬᠡᠷᠡᠭᠵᠢᠭᠦᠯᠵᠦ᠂ ᠣᠶ | ᠰᠢᠭᠤᠢ ᠶᠢᠨ ᠡᠵᠡᠩᠨᠡᠯᠲᠡ ᠶᠢᠨ ᠰᠢᠨ᠎ᠡ ᠣᠶᠢᠯᠠᠭᠠᠭᠳᠠᠬᠤᠨ ᠪᠠ ᠮᠡᠷᠭᠡᠵᠢᠯ ᠢ ᠳᠡᠯᠭᠡᠷᠡᠭᠦᠯᠪᠡ᠂ ᠡᠲᠡᠭᠡᠷ ᠲᠥᠷᠥᠯ ᠵᠦᠢᠯ | ᠨᠢ ᠣᠷᠣᠨ ᠪᠦᠰᠡ ᠶᠢᠨ ᠣᠶ ᠰᠢᠭᠤᠢ ᠶᠢᠨ ᠪᠦᠲᠦᠴᠡ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠬᠦ᠂ ᠣᠶ | ᠰᠢᠭᠤᠢ ᠶᠢᠨ ᠶᠠᠰᠤ ᠴᠢᠨᠠᠷ ᠢ ᠳᠡᠭᠡᠭᠰᠢᠯᠡᠭᠦᠯᠭᠦ᠂ ᠣᠶ ᠰᠢᠭᠤᠢ ᠶᠢᠨ ᠣᠯᠠᠨ ᠵᠦᠢᠯ ᠤᠨ ᠴᠢᠳᠠᠮᠵᠢ ᠶᠢᠨ ᠴᠢᠨᠠᠷ ᠢ | ᠪᠠᠳᠠᠷᠠᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠲᠣᠭᠤᠷᠢᠭ ᠤᠨ ᠣᠶ ᠰᠢᠭᠤᠢ ᠶᠢᠨ | ᠦᠢᠯᠡᠰ ᠤᠨ ᠦᠷᠭᠦᠯᠵᠢᠯᠡᠨ ᠡᠵᠡᠩᠨᠡᠬᠦ ᠳᠤ ᠣᠷᠤᠯᠴᠠᠬᠤ ᠶᠢ ᠳᠠᠶᠢᠴᠢᠯᠠᠬᠤ ᠬᠠᠮᠢᠶᠠᠷᠤᠯᠲᠠ ᠶᠢᠨ ᠲᠣᠭᠲᠠᠴᠠ ᠶᠢ | ᠪᠦᠷᠢᠯᠳᠦᠭᠦᠯᠵᠦ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠣᠶ ᠰᠢᠭᠤᠢ ᠶᠢᠨ ᠦᠷᠭᠦᠯᠵᠢᠯᠡᠬᠦ | ᠡᠵᠡᠩᠨᠡᠯᠲᠡ ᠶᠢᠨ ᠵᠠᠭᠪᠤᠷ ᠲᠤ ᠪᠣᠳᠠᠲᠤ ᠵᠢᠱᠢᠶ᠎ᠡ ᠪᠠ ᠦᠯᠢᠭᠡᠷ ᠵᠢᠱᠢᠶ᠎ᠡ ᠬᠠᠩᠭᠠᠭᠰᠠᠨ ᠪᠠᠶᠢᠨ᠎ᠠ᠃ |