ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ | ᠤ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 8 ᠰᠠᠷ᠎ᠠ ᠪᠤᠯᠲᠠᠯ᠎ᠠ ᠮᠠᠨ ᠤ ᠣᠷᠣᠨ ᠤ 600 ᠭᠠᠷᠤᠢ | ᠪᠦᠲᠦᠭᠡᠭᠳᠡᠬᠦᠨ ᠨᠢᠭᠡᠨᠲᠡ ᠪᠦᠭᠦ ᠤᠯᠤᠰ ᠤᠨ ᠨᠡᠷᠡᠲᠦ ᠣᠨᠴᠠᠯᠢᠭᠲᠤ ᠤᠭᠢ ᠰᠢᠨ᠎ᠡ ᠲᠠᠷᠢᠶᠠᠯᠠᠩ ᠤᠨ ᠪᠦᠲᠦᠭᠡᠭᠳᠡᠬᠦᠨ | ᠤ ᠨᠡᠷᠡᠰ ᠲᠤ ᠣᠷᠣᠵᠤ᠂ ᠶᠡᠷᠦᠩᠬᠡᠢ ᠲᠤᠭ᠎ᠠ ᠪᠠᠷ ᠪᠦᠭᠦ ᠤᠯᠤᠰ ᠲᠤ ᠲᠦᠷᠦᠭᠦᠯᠡᠵᠦ ᠪᠤᠢ᠃ | ᠣᠶᠢᠷ᠎ᠠ ᠶᠢᠨ ᠵᠢᠯ ᠳᠤ ᠮᠠᠨ ᠤ ᠣᠷᠣᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ | ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢ ᠪᠠᠷᠢᠮᠲᠠᠯᠠᠵᠤ᠂ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠳᠤᠯ ᠦᠭᠡᠢ ᠪᠠᠷ | ᠲᠠᠷᠢᠶᠠᠯᠠᠩ ᠢ ᠬᠥᠭᠵᠢᠭᠦᠯᠬᠦ᠂ ᠲᠦᠷᠦᠯ ᠲᠡᠮᠳᠡᠭ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ︾ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠣᠷᠣᠨ ᠨᠤᠲᠤᠭ ᠤᠨ ᠣᠨᠴᠠᠯᠢᠭ ᠲᠠᠢ ᠪᠤᠶᠤ ᠳᠠᠪᠠᠭᠤᠯᠢᠭ ᠲᠠᠢ ᠨᠡᠩ ᠤᠯᠠᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠦᠴᠦᠯᠡᠨ ᠠᠭᠤᠳᠠᠯᠤᠭᠰᠠᠨ ᠪᠠᠶᠢᠨ᠎ᠠ᠃ ᠪᠦᠭᠦ ᠣᠷᠣᠨ ᠤ ᠬᠡᠪᠴᠢᠶᠡᠨ | ᠳᠤ ᠮᠠᠯ ᠵᠢᠭᠦᠷᠲᠡᠨ᠂ ᠠᠮᠤ ᠪᠤᠳᠠᠭ᠎ᠠ᠂ ᠢᠳᠡᠰᠢᠨ ᠨᠣᠭᠤᠭ᠎ᠠ᠂ ᠵᠢᠮᠢᠰ ᠵᠡᠷᠭᠡ ᠣᠨᠴᠠᠯᠢᠭᠲᠤ ᠠᠵᠤ ᠦᠢᠯᠡᠰ ᠤᠨ | ᠲᠣᠭᠤᠷᠢᠨ ᠳᠤ ᠨᠢᠭᠡ ᠪᠦᠯᠦᠭ ᠠᠵᠤ ᠦᠢᠯᠡᠰ ᠤᠨ ᠬᠡᠪᠴᠢᠶ᠎ᠡ ᠪᠠᠷ ᠶᠡᠭᠡ᠂ ᠦᠢᠯᠡᠳᠪᠦᠷᠢᠯᠡᠯ ᠤᠨ ᠠᠷᠭ᠎ᠠ ᠭᠡᠯᠪᠡᠷᠢ | ᠪᠠᠷ ᠰᠢᠨ᠎ᠡ᠂ ᠲᠥᠷᠥᠯ ᠲᠡᠮᠳᠡᠭ ᠤᠨ ᠣᠨᠴᠠᠯᠢᠭ ᠢᠶᠠᠷ ᠥᠳᠬᠡᠨ᠂ ᠳᠠᠶᠢᠴᠢᠯᠠᠬᠤ ᠦᠷ᠎ᠡ ᠠᠰᠢᠭ ᠢᠶᠠᠷ ᠥᠨᠳᠥᠷ ᠪᠦᠭᠦ | ᠤᠯᠤᠰ ᠤᠨ ᠨᠡᠷᠡᠲᠦ ᠣᠨᠴᠠᠯᠢᠭᠲᠤ ᠤᠭᠢ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠢᠳᠡᠪᠬᠢᠲᠡᠢ ᠪᠠᠷ | ᠰᠦᠪᠡᠭᠴᠢᠯᠡᠨ ᠪᠣᠶᠢᠵᠢᠭᠤᠯᠵᠤ᠂ ᠲᠡᠭᠦᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠢᠨ᠎ᠡ | ᠲᠤᠯᠭᠠᠭᠤᠷᠢᠯᠠᠯ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠭᠢᠯᠠᠰ ᠴᠡᠭ | ᠪᠣᠯᠭᠠᠯ᠎ᠠ᠃ | | |