ᠰᠦᠨ ᠱᠤᠤ ᠴᠧᠩ ᠫᠧᠩ ᠴᠢᠩ ᠬᠤᠸᠠ ᠲᠠᠢ ᠪᠠᠷᠠᠳᠠᠨ ᠠᠭᠤᠯᠵᠠᠪᠠ | ᠴᠢᠨ ᠱᠧᠩ ᠰᠢᠶᠠᠩ ᠸᠠᠩ ᠲᠢᠶᠧ ᠮᠢᠨ ᠪᠠᠶᠢᠴᠠᠭᠠᠯᠲᠠ ᠳᠤ ᠣᠷᠣᠯᠴᠠᠵᠠᠢ | | | 9 ᠰᠠᠷ᠎ᠠ ᠶᠢᠨ 13 ᠠᠴᠠ 15 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠫᠧᠩ ᠴᠢᠩ | ᠬᠤᠸᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠤ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ᠶᠢ ᠲᠤᠭᠤᠰᠢᠯᠠᠭᠤᠯᠤᠨ | ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ 9 | ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ | ᠴᠧᠩ ᠭᠦᠭᠡᠬᠤᠲᠠ ᠳᠤ ᠫᠧᠩ ᠴᠢᠩ ᠬᠤᠸᠠ ᠲᠠᠢ ᠪᠠᠷᠠᠳᠠᠨ ᠠᠭᠤᠯᠵᠠᠪᠠ᠃ | 9 ᠰᠠᠷ᠎ᠠ ᠶᠢᠨ 15 ᠤ ᠦᠳᠡ ᠶᠢᠨ ᠡᠮᠦᠨ᠎ᠡ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ | ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠫᠧᠩ | ᠴᠢᠩ ᠬᠤᠸᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠲᠥᠯᠥᠭᠡᠯᠡᠨ ᠮᠠᠨ ᠤ ᠣᠷᠣᠨ ᠤ | ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠭᠦᠢᠴᠡᠳ | ᠨᠤᠲᠠᠯᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠪᠠ ᠪᠦᠲᠦᠮᠵᠢᠲᠡᠢ ᠬᠡᠷᠡᠭᠵᠢᠭᠦᠯᠬᠦ ᠶᠢ ᠴᠢᠨᠠᠭᠰᠢᠳᠠ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠠᠯᠠᠱᠠ ᠶᠢᠨ ︽2·22︾ ᠤᠨ ᠣᠨᠴᠠ ᠶᠡᠭᠡ ᠨᠤᠷᠠᠭᠰᠠᠨ ᠠᠳᠡᠯ ᠠᠴᠠ ᠭᠦᠨᠵᠡᠭᠡᠢ | ᠰᠤᠷᠭᠠᠮᠵᠢ ᠠᠪᠴᠤ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠤ᠂ ᠪᠦᠭᠦ ᠲᠠᠯ᠎ᠠ ᠪᠠᠷ ᠴᠡᠭᠴᠡᠯᠡᠨ | ᠰᠠᠶᠢᠵᠢᠷᠠᠭᠤᠯᠵᠤ᠂ ᠣᠨᠴᠠ ᠶᠡᠭᠡ ᠠᠳᠡᠯ ᠡᠭᠦᠰᠬᠦ ᠶᠢ ᠡᠷᠡᠰ ᠬᠤᠷᠢᠭᠯᠠᠵᠤ᠂ ᠨᠢᠭᠡ ᠭᠠᠵᠠᠷ ᠣᠷᠣᠨ ᠤ ᠬᠥᠭᠵᠢᠯᠲᠡ ᠶᠢ | ᠠᠬᠢᠭᠤᠯᠬᠤ᠂ ᠨᠢᠭᠡ ᠭᠠᠵᠠᠷ ᠣᠷᠣᠨ ᠤ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠬᠦ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ | ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠬᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠠᠷᠢᠯᠭᠠᠬᠤ᠂ ᠬᠢᠨᠠᠯᠲᠠ | ᠬᠠᠮᠢᠶᠠᠷᠤᠯᠲᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠨᠠᠷᠢᠯᠢᠭ ᠤᠨᠤᠪᠴᠢᠲᠠᠢ ᠪᠠᠷ ᠬᠦᠴᠦᠯᠡᠨ ᠬᠢᠬᠦ᠂ ᠰᠠᠭᠤᠷᠢ | ᠪᠠᠲᠤᠯᠠᠭ᠎ᠠ ᠶᠢ ᠪᠦᠭᠦ ᠲᠠᠯ᠎ᠠ ᠪᠠᠷ ᠪᠠᠬᠢᠵᠢᠭᠦᠯᠬᠦ ᠶᠢ ᠠᠬᠢᠭᠤᠯᠵᠤ᠂ ᠰᠠᠨᠠᠭᠠᠴᠢᠯᠠᠭᠠᠲᠤ ᠪᠤᠰᠤ ᠪᠠᠷ ᠬᠥᠳᠡᠯᠦᠯᠴᠡᠵᠦ | ᠪᠠᠶᠢᠭᠰᠠᠨ ᠠᠴᠠ ᠰᠠᠨᠠᠭᠠᠴᠢᠯᠠᠭ᠎ᠠ ᠲᠠᠢ ᠪᠠᠷ ᠵᠠᠰᠠᠬᠤ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠯᠬᠤᠮ | ᠠᠯᠬᠤᠮ ᠢᠶᠠᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠡᠮᠦᠨ᠎ᠡ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠷᠢᠳ ᠬᠤᠵᠢᠳ | ᠣᠷᠳᠣᠰ᠂ ᠪᠤᠭᠤᠲᠤ᠂ ᠭᠦᠭᠡᠬᠤᠲᠠ ᠳᠤ ᠭᠦᠨᠵᠡᠭᠡᠶᠢᠷᠡᠵᠦ᠂ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ᠂ | ᠰᠣᠶᠣᠯ ᠵᠢᠭᠤᠯᠴᠢᠯᠠᠯ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠬᠡᠰᠡᠭ ᠨᠢᠭᠡᠴᠢ ᠶᠢᠨ ᠠᠶᠤᠯᠭᠦᠢ | ᠦᠢᠯᠡᠳᠪᠦᠷᠢᠯᠡᠯ ᠤᠨ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠤᠬᠠᠢ ᠶᠢᠨ | ᠭᠠᠵᠠᠷ ᠤᠨ ᠪᠠᠶᠢᠴᠠᠭᠠᠯᠲᠠ ᠥᠷᠨᠢᠭᠦᠯᠪᠡ᠃ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ | ᠶᠢᠨ ᠬᠤᠷᠢᠶ᠎ᠠ ᠶᠢᠨ ᠳᠡᠳ᠋ ᠡᠷᠭᠢᠯᠡᠭᠴᠢ ᠭᠡᠰᠢᠭᠦᠨ ᠴᠢᠨ ᠱᠧᠩ ᠰᠢᠶᠠᠩ᠂ ᠸᠠᠩ ᠲᠢᠶᠧ ᠮᠢᠨ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠨᠢᠩ᠂ ᠶᠠᠩ ᠴᠦᠨ ᠫᠢᠩ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠤᠯᠤᠰ ᠤᠨ | ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠸᠠᠩ ᠶᠢᠨ ᠱᠧᠩ ᠪᠠᠶᠢᠴᠠᠭᠠᠯᠲᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠪᠦᠦ ᠭᠠᠩ᠂ ᠳ᠋ᠢᠩ ᠰᠢᠤ ᠹᠧᠩ᠂ ᠬᠤᠸᠠᠩ ᡁᠢ | ᠴᠢᠶᠠᠩ᠂ ᠦ᠋ ᠶᠠᠨ ᠭᠠᠩ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ᠃ |