ᠪᠦᠷᠢᠨ ᠵᠠᠭᠤᠴᠢᠯᠠᠭᠤᠷ ᠤᠨ ᠬᠤᠯᠪᠤᠭᠠᠯᠠᠨ ᠰᠤᠷᠪᠤᠯᠵᠢᠯᠠᠬᠤ ᠠᠵᠢᠯᠯᠠᠭ᠎ᠠ ᠶᠢᠨ ᠠᠬᠤᠢ ᠲᠠᠯᠠᠪᠠᠶ ᠶᠢᠨ ᠣᠬᠤᠷ | ᠰᠣᠨᠢᠨ ᠮᠡᠳᠡᠭᠡ ᠶᠢᠨ ᠤᠷᠤᠯᠳᠤᠭᠠᠨ ᠵᠡᠷᠭᠡ ᠪᠠᠷ ᠡᠬᠢᠯᠡᠯ᠎ᠡ | | | 9 ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠰᠣᠨᠢᠨ ᠤ ᠦᠢᠯᠡᠰ ᠤᠨ ᠨᠡᠶᠢᠭᠡᠮᠯᠢᠭ᠂ ᠪᠦᠭᠦ | ᠣᠷᠣᠨ ᠤ ᠨᠠᠮ ᠤᠨ ᠵᠠᠭᠤᠴᠢᠯᠠᠭᠤᠷ ᠤᠨ ᠲᠠᠯ᠎ᠠ ᠨᠤᠲᠤᠭ ᠤᠨ ᠡᠭᠦᠯᠡ ᠳᠠᠮᠵᠢᠭᠤᠯᠭ᠎ᠠ ᠶᠢᠨ ᠬᠠᠮᠵᠢᠯᠴᠠᠭᠠᠨ ᠤ | ᠬᠤᠷᠠᠯ ᠤᠨ ᠣᠨ ᠤ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠵᠤ᠂ ︽ᠵᠢᠱᠢᠶᠡᠴᠢ ᠥᠪᠡᠷᠲᠡᠭᠡᠨ ᠵᠠᠰᠠᠬᠤ | ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ·ᠤᠮᠠᠷᠠᠲᠤ ᠬᠢᠯᠢ ᠶᠢᠨ ᠰᠢᠨ᠎ᠡ ᠦᠢᠯᠡᠳᠦᠯᠭᠡ︾ ᠪᠦᠷᠢᠨ | ᠵᠠᠭᠤᠴᠢᠯᠠᠭᠤᠷ ᠤᠨ ᠬᠤᠯᠪᠤᠭᠠᠯᠠᠨ ᠰᠤᠷᠪᠤᠯᠵᠢᠯᠠᠬᠤ ᠠᠵᠢᠯᠯᠠᠭ᠎ᠠ ᠶᠢᠨ ᠠᠬᠤᠢ ᠲᠠᠯᠠᠪᠠᠢ ᠶᠢᠨ ᠣᠬᠤᠷ ᠰᠣᠨᠢᠨ ᠮᠡᠳᠡᠭᠡ | ᠶᠢᠨ ᠤᠷᠤᠯᠳᠤᠭᠠᠨ ᠵᠡᠷᠭᠡ ᠪᠠᠷ ᠡᠬᠢᠯᠡᠪᠡ᠃ | ᠬᠤᠷᠠᠯ ᠢ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠠᠴᠠ ᠭᠤᠣᠯᠯᠠᠨ ᠡᠷᠭᠢᠯᠡᠵᠦ᠂ ᠥᠪᠥᠷ | ᠮᠣᠩᠭᠤᠯ ᠤᠨ ᠰᠣᠨᠢᠨ ᠤ ᠦᠢᠯᠡᠰ ᠤᠨ ᠨᠡᠶᠢᠭᠡᠮᠯᠢᠭ᠂ ᠪᠦᠭᠦ ᠣᠷᠣᠨ ᠤ ᠨᠠᠮ ᠤᠨ ᠵᠠᠭᠤᠴᠢᠯᠠᠭᠤᠷ ᠤᠨ ᠲᠠᠯ᠎ᠠ | ᠨᠤᠲᠤᠭ ᠤᠨ ᠡᠭᠦᠯᠡ ᠳᠠᠮᠵᠢᠭᠤᠯᠭ᠎ᠠ ᠶᠢᠨ ᠬᠠᠮᠵᠢᠯᠴᠠᠭᠠᠨ ᠤ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ | ᠲᠥᠪ ᠠᠴᠠ ᠳᠠᠭᠠᠭᠠᠴᠢᠯᠠᠨ ᠡᠷᠭᠢᠯᠡᠪᠡ᠃ ᠬᠤᠷᠠᠯ ᠠᠴᠠ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ | ᠰᠣᠨᠢᠨ ᠤ ᠦᠢᠯᠡᠰ ᠤᠨ ᠨᠡᠶᠢᠭᠡᠮᠯᠢᠭ ᠤᠨ ᠬᠡᠷᠡᠭ ᠡᠷᠭᠢᠯᠡᠭᠴᠢᠳ ᠤᠨ ᠬᠤᠷᠠᠯ᠂ ᠰᠢᠨ᠎ᠡ ᠨᠢᠭᠡ ᠬᠤᠭᠤᠴᠠᠭᠠᠨ ᠤ ᠪᠦᠭᠦ | ᠣᠷᠣᠨ ᠤ ᠨᠠᠮ ᠤᠨ ᠵᠠᠭᠤᠴᠢᠯᠠᠭᠤᠷ ᠤᠨ ᠲᠠᠯ᠎ᠠ ᠨᠤᠲᠤᠭ ᠤᠨ ᠡᠭᠦᠯᠡ ᠳᠠᠮᠵᠢᠭᠤᠯᠭ᠎ᠠ ᠶᠢᠨ ᠬᠠᠮᠵᠢᠯᠴᠠᠭᠠᠨ ᠤ | ᠬᠤᠷᠠᠯ ᠤᠨ ᠬᠤᠷᠠᠯᠳᠤᠭᠤᠯᠤᠭᠴᠢ᠂ ᠪᠦᠷᠢᠯᠳᠦᠭᠦᠨ᠂ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃ | ᠲᠣᠰ ᠤᠳᠠᠭ᠎ᠠ ᠶᠢᠨ ᠬᠤᠷᠠᠯ ᠢ ᠡᠷᠭᠢᠯᠡᠭᠰᠡᠨ ᠤ ᠵᠣᠷᠢᠯᠭ᠎ᠠ ᠪᠣᠯ ᠪᠦᠭᠦ ᠣᠷᠣᠨ ᠤ ᠨᠠᠮ ᠤᠨ | ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠯ᠎ᠠ ᠨᠤᠲᠤᠭ ᠤᠨ ᠡᠭᠦᠯᠡ ᠪᠦᠷᠢᠨ | ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠵᠠᠭᠤᠴᠢᠯᠠᠭᠤᠷ ᠤᠨ ᠳᠡᠭᠡᠳᠦ ᠳᠣᠣᠷᠠᠳᠤ ᠱᠠᠲᠤ ᠶᠢ ᠨᠡᠪᠲᠡᠷᠡᠯᠴᠡᠭᠦᠯᠬᠦ᠂ ᠨᠢᠭᠡ ᠴᠣᠭᠴᠠᠵᠢᠭᠤᠯᠤᠨ ᠬᠥᠭᠵᠢᠭᠦᠯᠬᠦ᠂ | ᠭᠤᠣᠯ ᠳᠠᠮᠵᠢᠭᠤᠯᠭ᠎ᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠬᠦᠴᠦᠨ ᠴᠢᠳᠠᠯ ᠪᠠ ᠣᠶᠤᠨ ᠤᠬᠠᠭᠠᠨ ᠢ | ᠨᠢᠭᠲᠠᠷᠠᠭᠤᠯᠬᠤ ᠶᠢᠨ ᠲᠥᠯᠥᠭᠡ ᠶᠤᠮ᠃ ᠬᠤᠷᠠᠯ ᠠᠴᠠ᠂ ᠪᠦᠭᠦ ᠶᠠᠪᠤᠴᠠ ᠶᠢᠨ ᠵᠠᠭᠤᠴᠢᠯᠠᠭᠤᠷ᠂ ᠪᠦᠷᠢᠨ ᠵᠠᠩᠭᠢ ᠶᠢᠨ | ᠵᠠᠭᠤᠴᠢᠯᠠᠭᠤᠷ᠂ ᠪᠦᠭᠦ ᠠᠵᠢᠯᠲᠠᠨ ᠤ ᠵᠠᠭᠤᠴᠢᠯᠠᠭᠤᠷ᠂ ᠪᠦᠷᠢᠨ ᠦᠷ᠎ᠡ ᠪᠦᠲᠦᠮᠵᠢᠲᠦ ᠵᠠᠭᠤᠴᠢᠯᠠᠭᠤᠷ ᠲᠦᠷᠭᠡᠨ ᠦᠶ᠎ᠡ | ᠰᠣᠯᠢᠭᠳᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ | ᠵᠠᠭᠤᠴᠢᠯᠠᠭᠤᠷ ᠲᠤ ᠰᠢᠨ᠎ᠡ ᠱᠠᠭᠠᠷᠳᠠᠯᠭ᠎ᠠ ᠳᠤᠷᠠᠳᠤᠭᠰᠠᠨ ᠢᠶᠠᠷ ᠪᠠᠷᠠᠬᠤ ᠦᠭᠡᠢ᠂ ᠥᠪᠥᠷ ᠮᠣᠩᠭᠤᠯ ᠤᠨ ᠰᠣᠨᠢᠨ ᠤ | ᠦᠢᠯᠡᠰ ᠤᠨ ᠨᠡᠶᠢᠭᠡᠮᠯᠢᠭ ᠪᠣᠯᠣᠨ ᠪᠦᠭᠦ ᠣᠷᠣᠨ ᠤ ᠨᠠᠮ ᠤᠨ ᠵᠠᠭᠤᠴᠢᠯᠠᠭᠤᠷ ᠤᠨ ᠲᠠᠯ᠎ᠠ ᠨᠤᠲᠤᠭ ᠤᠨ ᠡᠭᠦᠯᠡᠨ | ᠳᠠᠮᠵᠢᠭᠤᠯᠭ᠎ᠠ ᠶᠢᠨ ᠬᠠᠮᠵᠢᠯᠴᠠᠭᠠᠨ ᠤ ᠬᠤᠷᠠᠯ ᠳᠤ ᠴᠣ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠪᠦᠭᠦ ᠲᠠᠯ᠎ᠠ ᠳᠤ ᠰᠠᠭᠤᠷᠢᠯᠠᠨ ᠥᠪᠥᠷ ᠮᠣᠩᠭᠤᠯ ᠤᠨ ᠥᠯᠢᠭᠡᠷ ᠢ ᠰᠠᠶᠢᠲᠤᠷ ᠶᠠᠷᠢᠵᠤ᠂ | ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠠᠬᠢᠴᠠ ᠳᠤ ᠵᠥᠪᠯᠡᠬᠦ ᠰᠡᠳᠦᠪ | ᠲᠣᠬᠢᠷᠠᠭᠤᠯᠵᠤ᠂ ︽ᠬᠤᠶᠠᠷ ᠶᠡᠭᠡ ᠶᠠᠪᠤᠳᠠᠯ︾ ᠤᠨ ᠠᠤᠭ᠎ᠠ ᠶᠡᠭᠡ ᠥᠯᠢᠭᠡᠷ ᠢ ᠰᠠᠶᠢᠲᠤᠷ ᠶᠠᠷᠢᠬᠤ ᠪᠠᠷ ᠪᠠᠷᠠᠬᠤ ᠦᠭᠡᠢ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠲᠡᠮᠡᠴᠡᠭᠰᠡᠨ ︽ᠠᠷᠠᠳ ᠤᠨ ᠥᠯᠢᠭᠡᠷ︾ ᠢ ᠴᠦ | ᠰᠠᠶᠢᠲᠤᠷ ᠶᠠᠷᠢᠬᠤ ᠬᠡᠷᠡᠭᠲᠡᠢ᠃ ᠰᠢᠨ᠎ᠡ ᠶᠢ ᠡᠭᠦᠳᠬᠦ ᠰᠡᠳᠬᠢᠬᠦᠢ ᠶᠢ ᠪᠦᠷᠢᠨ ᠵᠠᠭᠤᠴᠢᠯᠠᠭᠤᠷ ᠤᠨ ᠪᠦᠭᠦ ᠶᠠᠪᠤᠴᠠ ᠳᠤ | ᠲᠤᠭᠤᠰᠢᠯᠠᠭᠤᠯᠬᠤ ᠶᠢ ᠪᠠᠷᠢᠮᠲᠠᠯᠠᠵᠤ᠂ ᠬᠤᠪᠢᠷᠠᠯᠲᠠ ᠶᠢ ᠤᠨᠤᠪᠴᠢᠳᠠᠢ ᠲᠠᠨᠢᠵᠤ᠂ ᠬᠤᠪᠢᠷᠠᠯᠲᠠ ᠶᠢ ᠰᠢᠨᠵᠢᠯᠡᠬᠦ | ᠤᠬᠠᠭᠠᠨᠴᠢ ᠪᠠᠷ ᠠᠷᠭᠠᠴᠠᠭᠠᠨ᠂ ᠬᠤᠪᠢᠷᠠᠯᠲᠠ ᠶᠢ ᠰᠠᠨᠠᠭᠠᠴᠢᠯᠠᠭ᠎ᠠ ᠠᠴᠠ ᠪᠠᠨ ᠬᠥᠭᠡᠭᠡᠴᠡᠯᠳᠦᠵᠦ᠂ ︽ᠬᠤᠪᠢᠷᠠᠯᠲᠠ︾ | ᠶᠢᠨ ᠳᠤᠮᠳᠠ ᠰᠢᠨ᠎ᠡ ᠶᠢ ᠡᠭᠦᠳᠴᠦ᠂ ᠵᠠᠭᠤᠴᠢᠯᠠᠭᠤᠷ ᠤᠨ ᠪᠠᠶᠢᠷᠢᠰᠢᠭᠤᠯᠤᠯᠲᠠ ᠶᠢᠨ ᠰᠢᠨ᠎ᠡ ᠶᠢ ᠡᠭᠦᠳᠬᠦ ᠪᠠᠷ ᠪᠠᠷᠠᠬᠤ | ᠦᠭᠡᠢ ᠦᠢᠯᠡᠳᠬᠦᠨ ᠤ ᠭᠡᠯᠪᠡᠷᠢ ᠶᠢᠨ ᠰᠢᠨ᠎ᠡ ᠶᠢ ᠡᠭᠦᠳᠬᠦ ᠬᠡᠷᠡᠭᠲᠡᠢ᠃ ᠪᠣᠳᠠᠲᠠᠢ ᠶᠢ ᠡᠷᠬᠢᠮᠯᠡᠭᠰᠡᠨ ᠵᠣᠬᠢᠶᠠᠯ ᠤᠨ | ᠰᠤᠷᠲᠠᠯ ᠢ ᠪᠠᠷᠢᠮᠲᠠᠯᠠᠵᠤ ᠠᠭᠤᠰᠤᠯᠴᠠᠨ ᠬᠥᠭᠵᠢᠬᠦ ᠰᠢᠨ᠎ᠡ ᠤᠷᠤᠰᠬᠠᠯ ᠢ ᠪᠤᠢ ᠪᠤᠯᠭᠠᠵᠤ᠂ ᠰᠢᠨ᠎ᠡ ᠴᠠᠭ ᠦᠶ᠎ᠡ ᠶᠢᠨ | ᠦᠭᠡ ᠬᠡᠯᠡᠬᠦ ᠰᠢᠰᠲ᠋ᠧᠮ ᠢ ᠰᠠᠶᠢᠲᠤᠷ ᠠᠰᠢᠭᠯᠠᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠯᠢᠭᠡᠷ ᠢ | ᠰᠠᠶᠢᠲᠤᠷ ᠶᠠᠷᠢᠬᠤ ᠬᠡᠷᠡᠭᠲᠡᠢ᠃ ᠣᠨᠣᠪᠴᠢᠲᠠᠢ ᠪᠠᠷ ᠪᠠᠶᠢᠷᠢ ᠲᠣᠭᠲᠠᠭᠠᠯᠲᠠ ᠬᠢᠬᠦ ᠶᠢ ᠪᠠᠷᠢᠮᠲᠠᠯᠠᠵᠤ ᠤᠯᠠᠨ ᠠᠴᠠ | ᠴᠣᠯᠭᠤᠷᠠᠭᠰᠠᠨ ᠲᠦᠷᠦᠯ ᠲᠡᠮᠳᠡᠭ ᠢ ᠡᠭᠦᠳᠴᠦ᠂ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ︽ᠬᠠᠮᠢᠶᠠᠷᠬᠤ︾᠂ ︽ᠬᠠᠮᠠᠭᠠᠯᠠᠬᠤ︾ ᠶᠢ ᠤᠶᠠᠯᠳᠤᠭᠤᠯᠤᠨ | ᠪᠦᠯᠭᠦᠮ ᠨᠡᠶᠢᠲᠡ ᠶᠢᠨ ᠳᠠᠶᠢᠴᠢᠨ ᠬᠦᠴᠦᠨ ᠢ ᠬᠥᠭᠵᠢᠭᠡᠵᠦ᠂ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ | ᠬᠥᠭᠵᠢᠬᠦ ᠶᠢ ᠠᠬᠢᠭᠤᠯᠵᠤ᠂ ᠨᠠᠮ ᠤᠨ ᠵᠠᠭᠤᠴᠢᠯᠠᠭᠤᠷ ᠤᠨ ᠡᠷᠬᠡ ᠰᠦᠷᠲᠦ ᠬᠦᠴᠦᠨ ᠢ ᠴᠢᠨᠠᠭᠰᠢᠳᠠ ᠢᠯᠡᠷᠡᠭᠦᠯᠵᠦ᠂ | ᠨᠠᠮ ᠤᠨ ᠵᠠᠭᠤᠴᠢᠯᠠᠭᠤᠷ ᠤᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠪᠦᠭᠦ ᠣᠷᠣᠨ ᠤ ᠳᠡᠭᠡᠳᠦ ᠳᠣᠣᠷᠠᠳᠤ | ᠱᠠᠲᠤ ᠪᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ ᠲᠠᠪᠤᠨ ᠶᠡᠭᠡ ᠡᠭᠦᠷᠭᠡ ᠶᠢ | ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ | ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠶᠢᠯᠠᠭᠠᠭᠰᠠᠨ ᠢᠶᠠᠷ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ·ᠤᠮᠠᠷᠠᠲᠤ ᠬᠢᠯᠢ ᠶᠢᠨ ᠰᠢᠨ᠎ᠡ ᠦᠢᠯᠡᠳᠦᠯᠭᠡ︾ ᠪᠦᠷᠢᠨ ᠵᠠᠭᠤᠴᠢᠯᠠᠭᠤᠷ ᠤᠨ ᠬᠤᠯᠪᠤᠭᠠᠯᠠᠨ ᠰᠤᠷᠪᠤᠯᠵᠢᠯᠠᠬᠤ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠣᠬᠤᠷ ᠰᠣᠨᠢᠨ ᠮᠡᠳᠡᠭᠡ ᠶᠢᠨ ᠤᠷᠤᠯᠳᠤᠭᠠᠨ ᠨᠢ 9 ᠰᠠᠷ᠎ᠠ ᠶᠢᠨ | 15 ᠤ ᠡᠳᠦᠷ ᠠᠴᠠ 10 ᠰᠠᠷ᠎ᠠ ᠶᠢᠨ 31 ᠤ ᠡᠳᠦᠷ ᠪᠤᠯᠲᠠᠯ᠎ᠠ ᠶᠠᠪᠤᠭᠳᠠᠵᠤ᠂ ᠥᠪᠥᠷ ᠮᠣᠩᠭᠤᠯ ᠤᠨ ᠡᠳᠦᠷ ᠤᠨ | ᠰᠣᠨᠢᠨ᠂ ᠠᠶᠢᠮᠠᠭ ᠬᠤᠲᠠ ᠶᠢᠨ ᠨᠠᠮ ᠤᠨ ᠰᠣᠨᠢᠨ᠂ ᠬᠤᠰᠢᠭᠤ ᠰᠢᠶᠠᠨ ᠤ ᠬᠠᠮ ᠵᠠᠭᠤᠴᠢᠯᠠᠭᠤᠷ ᠤᠨ ᠲᠥᠪ ᠤᠨ | 300 ᠭᠠᠷᠤᠢ ᠰᠤᠷᠪᠤᠯᠵᠢᠯᠠᠬᠴᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠤᠯᠪᠤᠭᠠᠯᠠᠨ | ᠰᠤᠷᠪᠤᠯᠵᠢᠯᠠᠨ ᠮᠡᠳᠡᠭᠡᠯᠡᠵᠦ᠂ ᠪᠦᠭᠦ ᠦᠵᠡᠭᠳᠡᠯᠲᠦ ᠪᠦᠷᠢᠨ ᠵᠠᠭᠤᠴᠢᠯᠠᠭᠤᠷ ᠢᠶᠠᠷ ᠪᠦᠭᠦ ᠣᠷᠣᠨ ᠤ ᠡᠯ᠎ᠡ ᠭᠠᠵᠠᠷ ᠤᠨ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠦᠴᠦᠲᠡᠢ ᠠᠷᠭ᠎ᠠ ᠬᠡᠮᠵᠢᠶ᠎ᠡ᠂ | ᠠᠮᠢᠳᠤᠯᠢᠭ ᠦᠢᠯᠡᠳᠦᠯᠭᠡ ᠪᠣᠯᠣᠨ ᠡᠯᠪᠡᠭ ᠦᠷ᠎ᠡ ᠪᠦᠲᠦᠭᠡᠯ ᠢ ᠳᠡᠯᠭᠡᠨ ᠦᠵᠡᠭᠦᠯᠭᠦ ᠪᠣᠯᠣᠨ᠎ᠠ᠃ | ᠬᠤᠷᠠᠯ ᠤᠨ ᠬᠤᠭᠤᠴᠠᠭᠠᠨ ᠳᠤ ᠪᠠᠰᠠ 2023 ᠪᠦᠭᠦ ᠣᠷᠣᠨ ᠤ ᠬᠤᠰᠢᠭᠤ ᠰᠢᠶᠠᠨ ᠤ ᠬᠠᠮ | ᠵᠠᠭᠤᠴᠢᠯᠠᠭᠤᠷ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠬᠢᠪᠡ᠃ | |