9 ᠰᠠᠷ᠎ᠠ ᠶᠢᠨ 15 ᠤ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ | ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠠᠬᠢᠨᠲᠠ ᠳᠡᠭᠡᠭᠰᠢᠯᠡᠭᠦᠯᠦᠭᠰᠡᠨ ᠪᠠᠶᠢᠨ᠎ᠠ᠃ | | ᠣᠶᠢᠯᠠᠭᠠᠭᠰᠠᠨ ᠢᠶᠠᠷ᠂ ᠮᠠᠨ ᠤ ᠣᠷᠣᠨ ᠠᠮᠢᠳᠤᠷᠠᠯ ᠬᠦᠴᠢᠷᠳᠡᠯᠲᠡᠢ ᠬᠡᠦᠬᠡᠳ ᠢ ᠲᠥᠷᠥᠯ ᠬᠤᠪᠢᠶᠠᠨ | ᠪᠠᠲᠤᠯᠠᠬᠤ ᠳᠦᠷᠢᠮ ᠢ ᠲᠠᠰᠤᠷᠠᠯᠲᠠ ᠦᠭᠡᠢ ᠪᠦᠷᠢᠨᠰᠢᠭᠦᠯᠵᠦ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ ᠠᠶᠠᠨᠳᠠᠭᠠᠨ ᠨᠡᠮᠡᠭᠳᠡᠬᠦ | ᠲᠣᠭᠲᠠᠴᠠ ᠪᠠ ᠪᠠᠷᠠᠭᠠᠨ ᠤ ᠦᠨ᠎ᠡ ᠯᠦᠭᠡ ᠬᠤᠯᠪᠤᠭᠠᠯᠠᠨ ᠬᠥᠳᠡᠯᠦᠯᠴᠡᠬᠦ ᠨᠥᠬᠦᠪᠦᠷᠢ ᠶᠢᠨ ᠲᠣᠭᠲᠠᠴᠠ ᠶᠢ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ | ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠥᠨᠥᠴᠢᠨ ᠬᠡᠦᠬᠡᠳ ᠢ | ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 1530 ᠲᠥᠭᠦᠷᠢᠭ | ᠪᠠᠶᠢᠭᠰᠠᠨ ᠠᠴᠠ ᠬᠥᠮᠥᠨ ᠪᠦᠷᠢ ᠰᠠᠷ᠎ᠠ ᠳᠤ 1660 ᠲᠥᠭᠦᠷᠢᠭ ᠪᠣᠯᠭᠠᠨ ᠳᠡᠭᠡᠭᠰᠢᠯᠡᠭᠦᠯᠵᠤ᠂ ᠲᠠᠷᠠᠬᠠᠢ ᠪᠤᠲᠠᠷᠬᠠᠢ | ᠠᠰᠠᠷᠠᠨ ᠲᠡᠵᠢᠭᠡᠬᠦ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 1288 ᠲᠥᠭᠦᠷᠢᠭ ᠪᠠᠶᠢᠭᠰᠠᠨ ᠠᠴᠠ ᠨᠢ ᠬᠥᠮᠥᠨ | ᠪᠦᠷᠢ ᠰᠠᠷ᠎ᠠ ᠳᠤ 1400 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠨᠢ ᠲᠤᠰ ᠲᠤᠰ 8.4 | % ᠪᠠ 8.7% ᠳᠤ ᠬᠦᠷᠴᠡᠢ᠃ ᠰᠢᠨ᠎ᠡ ᠪᠠᠷᠢᠮᠵᠢᠶ᠎ᠠ ᠶᠢ 2023 ᠣᠨ ᠤ 1 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠵᠦ᠂ ᠪᠦᠭᠦ ᠣᠷᠣᠨ ᠤ 1761 ᠥᠨᠥᠴᠢᠨ ᠬᠡᠦᠬᠡᠳ ᠪᠠ 4961 ᠪᠣᠳᠠᠲᠠᠢ ᠠᠰᠠᠷᠠᠨ | ᠲᠡᠵᠢᠭᠡᠬᠦ ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠪᠠ᠃ | ᠲᠠᠷᠠᠭᠠᠴᠢ ᠶᠢᠨ ᠠᠯᠬᠤᠮ ᠳᠤ᠂ ᠪᠦᠭᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠨᠠᠨ ᠬᠠᠮᠠᠭᠠᠯᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠭᠦ᠂ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ᠂ ᠠᠮᠤᠷ ᠲᠦᠪᠰᠢᠨ ᠤ ᠰᠡᠷᠭᠡᠶᠢᠯᠡᠨ | ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠦᠨᠳᠦᠰᠦᠨ ᠱᠠᠲᠤᠨ ᠤ | ᠬᠡᠦᠬᠡᠳ ᠤᠨ ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠦᠨᠳᠦᠰᠦᠨ ᠵᠦᠢᠯ ᠢ ᠪᠠᠲᠤᠯᠠᠬᠤ ᠲᠣᠣᠷ ᠢ ᠪᠠᠲᠤ ᠴᠣᠭᠴᠠᠯᠠᠵᠤ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠰᠢᠭᠲᠠᠢ ᠨᠡᠶᠢᠭᠡᠮ ᠤᠨ ᠣᠷᠴᠢᠨ | ᠲᠣᠭᠤᠷᠢᠨ ᠢ ᠢᠳᠡᠪᠬᠢᠲᠡᠢ ᠪᠤᠶ ᠪᠣᠯᠭᠠᠨ᠎ᠠ᠃ |