ᠨᠡᠶᠢᠲᠡᠯᠢᠭ ᠬᠡᠯᠡ ᠶᠢ ᠲᠦᠭᠡᠮᠡᠯᠵᠢᠭᠦᠯᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ︱ ᠦᠴᠦᠸᠠᠨ ᠰᠢᠶᠠᠨ ᠤ 26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠭᠤᠣᠯᠳᠠᠯᠭ᠎ᠠ ᠲᠠᠢ ᠠᠵᠢᠯᠯᠠᠭ᠎ᠠ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 13 ᠤ ᠡᠳᠦᠷ᠂ ᠲᠦᠭᠡᠮᠡᠯᠵᠢᠭᠦᠯᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︱ ᠦᠴᠦᠸᠠᠨ ᠰᠢᠶᠠᠨ ᠤ 26 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠭᠤᠣᠯᠳᠠᠯᠭ᠎ᠠ ᠲᠠᠢ ᠠᠵᠢᠯᠯᠠᠭ᠎ᠠ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃      ᠲᠣᠰ ᠤᠳᠠᠭᠠᠨ ᠤ ᠠᠵᠢᠯᠯᠠᠭ᠎ᠠ ᠶᠢ ᠦᠴᠦᠸᠠᠨ ᠰᠢᠶᠠᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠠᠴᠠ ᠭᠤᠣᠯᠯᠠᠨ ᠡᠷᠭᠢᠯᠡᠵᠦ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠨ ᠡᠷᠭᠢᠯᠡᠪᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠴᠦᠸᠠᠨ ᠰᠢᠶᠠᠨ ᠤ ᠦᠰᠦᠭ ᠪᠢᠴᠢᠭ ᠤᠨ ᠠᠵᠢᠯ ᠤᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠶ᠎ᠠ ᠲᠠᠯᠪᠢᠵᠠᠢ᠃ ᠪᠠᠭᠰᠢ ᠶᠢᠨ ᠲᠥᠯᠥᠭᠡᠯᠡᠭᠴᠢ᠂ ᠠᠯᠪᠠᠲᠠᠨ ᠤ ᠲᠥᠯᠥᠭᠡᠯᠡᠭᠴᠢ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠡᠯ᠎ᠡ ᠠᠵᠢᠯ ᠲᠥᠷᠥᠯ ᠤᠨ ᠬᠥᠮᠥᠰ ᠤᠨ ᠨᠡᠶᠢᠲᠡᠯᠢᠭ ᠬᠡᠯᠡ ᠶᠠᠷᠢᠵᠤ᠂ ᠳᠦᠷᠢᠮᠵᠢᠭᠰᠡᠨ ᠥᠰᠥᠭ ᠪᠢᠴᠢᠵᠦ᠂ ᠪᠣᠯᠪᠠᠰᠤᠨ ᠬᠥᠮᠥᠨ ᠪᠣᠯᠬᠤ ᠶᠢ ᠰᠠᠨᠠᠭᠠᠴᠢᠯᠠᠪᠠ᠃ ᠲᠤᠰ ᠠᠵᠢᠯᠯᠠᠭ᠎ᠠ ᠳᠤ ᠪᠠᠰᠠ ᠬᠤᠶᠠᠷ ᠤᠷᠠᠨ ᠤᠩᠰᠢᠯᠭ᠎ᠠ ᠶᠢᠨ ᠪᠦᠲᠦᠭᠡᠯ ᠢ ᠳᠡᠯᠭᠡᠨ ᠦᠵᠡᠭᠦᠯᠵᠦ᠂ ᠨᠡᠶᠢᠲᠡᠯᠢᠭ ᠬᠡᠯᠡᠨ ᠤ ᠭᠤᠸ᠎ᠠ ᠰᠠᠶᠢᠬᠠᠨ᠂ ᠬᠢᠲᠠᠳ ᠬᠡᠯᠡᠨ ᠤ ᠷᠢᠳᠢ ᠰᠢᠳᠢ   ᠶᠢ ᠭᠦᠢᠴᠡᠳ ᠬᠠᠷᠠᠭᠤᠯᠤᠭᠰᠠᠨ ᠪᠠᠶᠢᠨ᠎ᠠ᠃
     ᠡᠭᠦᠨ ᠠᠴᠠ ᠭᠠᠳᠠᠨ᠎ᠠ᠂ ᠲᠣᠰ ᠠᠵᠢᠯᠯᠠᠭ᠎ᠠ ᠳᠤ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠢ ᠤᠷᠢᠵᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠣᠨᠣᠯ ᠤᠨ ᠪᠣᠯᠪᠠᠰᠤᠷᠠᠯ ᠢ ᠳᠡᠭᠡᠭᠰᠢᠯᠡᠭᠦᠯᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪᠲᠦ ᠲᠠᠶᠢᠯᠤᠮᠵᠢ ᠬᠢᠯᠭᠡᠵᠡᠢ᠃ ᠲᠤᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠤᠶᠢᠯᠠᠭᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠬᠢ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠶᠢᠯᠠᠪᠠ᠃
     ᠠᠵᠢᠯᠯᠠᠭ᠎ᠠ ᠶᠢ ᠥᠷᠨᠢᠭᠦᠯᠦᠭᠰᠡᠨ ᠨᠢ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠶᠢᠨ ᠷᠢᠳᠢ ᠰᠢᠳᠢ ᠶᠢ ᠤᠯᠠᠨ ᠳᠤ ᠦᠨᠡᠨ ᠬᠦ ᠣᠶᠢᠯᠠᠭᠠᠭᠤᠯᠵᠤ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠢᠳᠡᠪᠬᠢ ᠠᠴᠢ ᠬᠤᠯᠪᠣᠭᠳᠠᠯ ᠲᠠᠢ ᠪᠠᠶᠢᠵᠤ᠂ ᠨᠡᠶᠢᠭᠡᠮ ᠳᠠᠶᠠᠭᠠᠷ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号