ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 14  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠦᠴᠦᠸᠠᠨ ᠰᠢᠶᠠᠨ ᠤ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢᠨ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠶᠠᠪᠤᠳᠠᠯ ᠢ ᠬᠢᠨᠠᠨ ᠵᠥᠪᠯᠡᠪᠡ︔ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃      ᠬᠤᠷᠠᠯ ᠠᠴᠠ ᠱᠠᠭᠠᠷᠳᠠᠭᠰᠠᠨ ᠨᠢ᠂ ᠲᠤᠰᠬᠠᠢ ᠠᠩᠭᠢ ᠶᠢᠨ ᠲᠦᠷᠦᠭᠦᠯᠡᠨ ᠠᠳᠬᠤᠬᠤ ᠶᠡᠷᠦᠩᠬᠡᠢ ᠦᠢᠯᠡᠳᠦᠯ ᠢ ᠪᠠᠳᠠᠷᠠᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠯ᠎ᠡ ᠵᠦᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ︔ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠴᠡᠭᠴᠡᠯᠡᠨ ᠵᠠᠰᠠᠬᠤ ᠳᠤ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠢᠯᠠᠩᠭᠤᠶ᠎ᠠ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠬᠥᠮᠥᠨ ᠣᠯᠠᠨ ᠴᠤᠭᠯᠠᠷᠠᠳᠠᠭ ᠭᠠᠵᠠᠷ ᠲᠠᠯᠠᠪᠤᠷ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠣᠪᠣᠶᠢᠮ᠎ᠠ ᠲᠦᠭᠰᠢᠭᠦᠷᠢ ᠶᠢᠨ ᠬᠡᠮ ᠰᠣᠭᠤᠭ ᠢ ᠠᠵᠢᠯ ᠤᠨ ᠳᠤᠮᠳᠠ ᠪᠠᠨ ᠥᠭᠡᠷᠡᠴᠢᠯᠡᠵᠦ᠂ ᠬᠡᠮ ᠰᠣᠭᠤᠭ ᠢ ᠠᠷᠢᠯᠭᠠᠬᠤ ᠬᠡᠷᠡᠭᠲᠡᠢ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭ᠎ᠠ ᠠᠳᠬᠤᠵᠤ᠂ ᠬᠠᠰᠢ ᠶᠠᠰᠢ ᠪᠠᠷ ᠥᠩᠭᠡᠷᠡᠭᠦᠯᠬᠦ ᠶᠢ ᠲᠠᠰᠤ ᠵᠣᠭᠰᠣᠭᠠᠵᠤ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠤᠨ᠂ ᠵᠢᠭᠰᠠᠭᠠᠨ ᠪᠠᠶᠢᠴᠠᠭᠠᠬᠤ᠂ ᠴᠡᠭᠴᠡᠯᠡᠨ ᠵᠠᠰᠠᠬᠤ ᠳᠤ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠪᠦᠬᠦᠨ ᠢ ᠬᠠᠮᠤᠷᠬᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠯᠭᠠᠬᠤ ᠬᠡᠷᠡᠭᠲᠡᠢ︔ ᠬᠡᠢ ᠬᠡᠷᠡᠭᠯᠡᠬᠦ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠬᠥᠮᠥᠰ ᠤᠨ ᠰᠡᠳᠬᠢᠯ ᠳᠤ ᠬᠠᠳᠠᠩᠰᠢᠭᠰᠠᠨ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠬᠠᠯᠠᠮᠵᠢᠯᠠᠬᠤ᠂ ᠬᠠᠮᠲᠤᠪᠠᠷ ᠣᠷᠣᠯᠴᠠᠬᠤ᠂ ᠬᠠᠮᠲᠤᠪᠠᠷ ᠬᠠᠮᠢᠶᠠᠷᠤᠨ ᠡᠵᠡᠮᠳᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠡᠷᠬᠡᠪᠰᠢ ᠯᠠᠪᠳᠠᠭᠤᠨ ᠪᠠᠲᠤᠲᠠᠢ ᠠᠵᠢᠯ ᠤᠨ ᠰᠤᠷᠲᠠᠯ᠂ ᠰᠢᠨᠵᠢᠯᠡᠬᠦ ᠤᠬᠠᠭᠠᠨᠴᠢ ᠠᠵᠢᠯ ᠤᠨ ᠠᠷᠭ᠎ᠠ᠂ ᠲᠤᠶᠢᠯ ᠤᠨ ᠥᠨᠳᠥᠷ ᠠᠵᠢᠯ ᠤᠨ ᠦᠷ᠎ᠡ ᠪᠦᠲᠦᠮᠵᠢ ᠶᠢ ᠪᠠᠷᠢᠮᠲᠠᠯᠠᠵᠤ᠂ ︽ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ ᠬᠥᠯᠭᠡ ᠰᠢᠲᠠᠷ᠎ᠠ ᠪᠤᠯᠠᠬᠤ︾ ᠶᠢ ᠦᠨᠡᠨᠬᠦ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠲᠤᠰᠬᠠᠢ ᠠᠩᠭᠢ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠵᠤ᠂ ᠲᠣᠰ ᠪᠡᠶ᠎ᠡ ᠶᠢᠨ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠴᠠᠭ ᠬᠤᠭᠤᠴᠠᠭ᠎ᠠ ᠨᠢᠭᠡᠪᠦᠷᠢ ᠶᠢᠨ ᠲᠤᠭ᠎ᠠ ᠪᠠᠷᠢᠮᠲᠠ ᠶᠢ ᠵᠠᠳᠠᠯᠵᠤ ᠰᠤᠳᠤᠯᠤᠨ ᠮᠠᠭᠠᠳᠯᠠᠬᠤ ᠶᠢᠨ ᠬᠠᠮᠲᠤ᠂ ᠣᠳᠣᠬᠠᠨ ᠤ ᠠᠵᠢᠯ ᠤᠨ ᠪᠠᠶᠢᠳᠠᠯ ᠢᠶᠠᠨ ᠦᠨᠳᠦᠰᠦᠯᠡᠨ ᠴᠢᠭᠯᠡᠭᠦᠯᠬᠦ ᠴᠢᠨᠠᠷᠲᠠᠢ ᠰᠠᠨᠠᠭᠤᠯᠭ᠎ᠠ ᠳᠤᠷᠠᠳᠬᠤ ᠬᠡᠷᠡᠭᠲᠡᠢ︔ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠶᠢ ᠪᠤᠰᠤᠳᠴᠢ᠂ ᠦᠨᠡᠨ ᠪᠣᠳᠠᠲᠠᠢ᠂ ᠣᠨᠣᠪᠴᠢᠲᠠᠢ ᠬᠠᠷᠠᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃      ᠬᠤᠷᠠᠯ ᠠᠴᠠ ᠪᠠᠰᠠ ᠵᠦᠢᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号