ᠲᠦᠷᠦᠭᠦᠤ 8 ᠰᠠᠷ᠎ᠠ ᠳᠤ ᠪᠦᠭᠦ ᠣᠷᠣᠨ ᠤ ᠵᠢᠭᠤᠯᠴᠢᠯᠠᠯ ᠤᠨ ᠣᠷᠣᠯᠭ᠎ᠠ 2298 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2023/9/19
     ︽ᠲᠦᠷᠦᠭᠦᠤ 8 ᠰᠠᠷ᠎ᠠ ᠳᠤ ᠮᠠᠨ ᠤ ᠣᠷᠣᠨ ᠤᠯᠤᠰ ᠤᠨ ᠳᠣᠲᠣᠭᠠᠳᠤ ᠶᠢᠨ 1.55 ᠳ᠋ᠦᠩᠰᠢᠭᠤᠷ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠤᠭᠠᠳ 2298 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠣᠯᠵᠤ᠂ ᠲᠣᠰ ᠲᠣᠰ ᠨᠢᠳᠤᠨᠤᠨ ᠤ ᠠᠳᠠᠯᠢ ᠬᠤᠭᠤᠴᠠᠭᠠᠨ ᠤ 2.24 ᠳᠠᠭᠢᠨ ᠪᠠ 2.85 ᠳᠠᠭᠢᠨ ᠲᠠᠢ ᠲᠡᠩᠴᠡᠵᠦ᠂ ᠠᠳᠠᠯᠢᠳᠬᠠᠵᠤ ᠪᠤᠯᠬᠤ ᠬᠡᠮᠵᠢᠶ᠎ᠡ ᠪᠠᠷ ᠲᠤᠰ ᠲᠤᠰ 2019 ᠣᠨ ᠤ ᠠᠳᠠᠯᠢ ᠬᠤᠭᠤᠴᠠᠭᠠᠨ ᠤ 1.38 ᠳᠠᠭᠢᠨ ᠪᠠ 1.44 ᠳᠠᠭᠢᠨ ᠲᠠᠢ ᠲᠡᠩᠴᠡᠪᠡ᠃ ᠡᠭᠦᠨ ᠤ ᠬᠠᠮᠲᠤ ᠣᠷᠣᠰ ᠤᠨ 11 ᠲᠦᠮᠡᠨ ᠵᠢᠭᠤᠯᠴᠢᠯᠠᠭᠴᠢ ︵ᠤᠳᠠᠭ᠎ᠠ︶᠂ ᠮᠣᠩᠭᠤᠯ ᠤᠯᠤᠰ ᠤᠨ 68.4 ᠲᠦᠮᠡᠨ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠴᠤ᠂ ᠲᠣᠰ ᠲᠣᠰ ᠪᠦᠭᠦ ᠤᠯᠤᠰ ᠤᠨ ᠭᠥᠯᠢᠶᠡᠨ ᠠᠪᠤᠭᠰᠠᠨ ᠬᠡᠮᠵᠢᠶ᠎ᠡ ᠶᠢᠨ 89% ᠪᠠ 90% ᠶᠢ ᠡᠵᠡᠯᠡᠪᠡ︾ ᠭᠡᠵᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠸᠧᠢ ᡁᠢ ᠭᠦᠸᠧ ᠬᠡᠯᠡᠨ᠎ᠡ᠃      9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠮᠠᠨ ᠤ ᠣᠷᠣᠨ  ᠤ ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ᠂ ᠵᠢᠭᠤᠯᠴᠢᠯᠠᠯ ᠤᠨ ᠵᠠᠮ ᠱᠤᠭᠤᠮ᠂ ᠪᠦᠭᠦ ᠣᠷᠣᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠵᠡᠷᠭᠡ ᠠᠭᠤᠯᠭ᠎ᠠ ᠶᠢᠨ ᠲᠣᠭᠤᠷᠢᠨ ᠳᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃      ᠮᠠᠨ ᠤ ᠣᠷᠣᠨ ᠡᠨᠡ ᠵᠢᠯ ︽ᠵᠠᠭᠤᠨ ᠲᠦᠮᠡᠨ ᠬᠥᠮᠥᠨ ᠢ ᠬᠠᠷᠢᠯᠴᠠᠨ ᠵᠢᠭᠤᠯᠴᠢᠯᠠᠭᠤᠯᠬᠤ︾ ᠰᠢᠨ᠎ᠡ ᠡᠭᠦᠳᠦᠯᠲᠡ ᠶᠢᠨ ᠲᠥᠯᠥᠪᠯᠡᠭᠡ ᠶᠢ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠨ᠂ ᠨᠢᠰᠬᠡᠯ ᠤᠨ ᠪᠢᠯᠧᠲ ᠪᠠ ᠬᠢᠮᠳᠠᠷᠠᠯ ᠲᠠᠢ ᠡᠭᠦᠳᠡᠨ ᠪᠢᠯᠧᠲ ᠬᠦᠷᠭᠡᠬᠦ᠂ ᠬᠤᠲᠠ ᠶᠢᠨ ᠬᠤᠭᠤᠷᠣᠨᠳᠣᠭᠢ ᠲᠤᠰᠬᠠᠢ ᠭᠠᠯᠲᠤ ᠲᠡᠷᠭᠡ ᠶᠢ ᠨᠡᠪᠲᠡᠷᠡᠭᠦᠯᠬᠦ ᠵᠡᠷᠭᠡ ᠠᠷᠠᠳ ᠲᠤ ᠠᠰᠢᠭ ᠬᠦᠷᠲᠡᠭᠡᠬᠦ 150 ᠭᠠᠷᠤᠢ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠦᠵᠡᠮᠵᠢ ᠪᠦᠷᠢᠳᠦᠭᠰᠡᠨ ᠳᠦᠷᠪᠡᠨ ᠤᠯᠠᠷᠢᠯ︾ ᠰᠢᠷᠢᠰ ᠵᠢᠭᠤᠯᠴᠢᠯᠠᠯ ᠤᠨ ᠪᠦᠲᠦᠭᠡᠭᠳᠡᠬᠦᠨ ᠬᠢᠭᠡᠳ 100 ᠭᠠᠷᠤᠢ ᠵᠤᠷᠪᠤᠰ ᠰᠣᠳᠣᠨ ᠵᠢᠭᠤᠯᠴᠢᠯᠠᠯ ᠤᠨ ᠱᠤᠭᠤᠮ ᠭᠠᠷᠭᠠᠨ᠂ ︽ᠤᠷᠢᠬᠠᠨ ᠬᠠᠪᠤᠷ ᠢᠶᠠᠷ ᠥᠪᠥᠷ ᠮᠣᠩᠭᠤᠯ ᠳᠤ ᠪᠣᠯᠵᠣᠶ᠎ᠠ︾᠂ ︽ᠲᠠᠯ᠎ᠠ ᠨᠤᠲᠤᠭ ᠲᠤ ᠪᠣᠯᠵᠣᠶ᠎ᠠ·ᠨᠠᠶᠢᠷ ᠨᠠᠭᠠᠳᠤᠮ ᠳᠤ ᠶᠠᠪᠤᠶ᠎ᠠ︾ ᠰᠢᠷᠢᠰ ᠭᠤᠣᠯ ᠰᠡᠳᠦᠪᠲᠦ ᠠᠵᠢᠯᠯᠠᠭ᠎ᠠ ᠶᠢ 500 ᠭᠠᠷᠤᠢ ᠲᠠᠯᠠᠪᠠᠢ ᠥᠷᠨᠢᠭᠦᠯᠪᠡ᠃ ᠪᠠᠰᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠪᠥᠵᠢᠭ ᠤᠨ ᠦᠵᠡᠭᠦᠯᠭᠡ ᠶᠢᠨ ᠲᠣᠬᠯᠠᠯᠲᠠ᠂ ᠪᠦᠭᠦ ᠤᠯᠤᠰ ᠤᠨ ᠬᠤᠪᠢ ᠶᠢᠨ ᠮᠠᠰᠢᠨ ᠲᠡᠷᠭᠡ ᠪᠠᠷ ᠢᠶᠠᠨ ᠬᠡᠭᠡᠷᠡᠯᠡᠨ ᠪᠠᠭᠤᠳᠠᠯᠯᠠᠬᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ᠂ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠵᠡᠷᠭᠡ ᠨᠢᠭᠡ ᠪᠦᠯᠦᠭ ᠤᠯᠤᠰ ᠤᠨ ᠬᠡᠪᠴᠢᠶᠡᠨ ᠤ ᠲᠣᠮᠣ ᠠᠵᠢᠯᠯᠠᠭ᠎ᠠ ᠨᠤᠭᠤᠳ ᠢ ᠡᠷᠭᠢᠯᠡᠵᠠᠢ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠨᠡ ᠨᠠᠮᠤᠷ ᠤᠨ ᠪᠦᠭᠦ ᠣᠷᠣᠨ ᠤ ᠵᠢᠭᠤᠯᠴᠢᠯᠠᠯ ᠤᠨ ᠪᠦᠲᠦᠭᠡᠭᠳᠡᠬᠦᠨ ᠤ ᠲᠣᠭᠤᠷᠢᠨ ᠳᠤ ᠣᠨᠴᠠᠯᠢᠭ ᠢᠶᠠᠷ ᠢᠯᠡ ᠲᠣᠳᠣ᠂ ᠡᠯᠪᠡᠭ ᠪᠠᠶᠠᠯᠢᠭ ᠠᠭᠤᠯᠭ᠎ᠠ ᠪᠦᠬᠦᠢ 152 ᠵᠦᠢᠯ ᠤᠨ ᠨᠠᠮᠤᠷ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠡᠶᠢᠲᠡᠯᠡᠭᠰᠡᠨ ᠪᠥᠭᠡᠳ ᠠᠯᠠᠱᠠ  ᠶᠢᠨ ᠪᠠᠭᠠᠲᠤᠷᠴᠤᠳ ᠤᠨ ᠴᠤᠭᠯᠠᠭᠠᠨ᠂ ᠡᠵᠡᠨ᠎ᠡ ᠶᠢᠨ ᠠᠯᠳᠠᠨ ᠨᠠᠮᠤᠷ ᠲᠣᠣᠷᠠᠢ ᠶᠢᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠨᠠᠶᠢᠷ᠂ ᠬᠢᠩᠭᠠᠨ ᠠᠶᠢᠮᠠᠭ ᠤᠨ ᠪᠠᠲᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠵᠡᠷᠭᠡ 3 ᠭᠤᠣᠯ ᠰᠡᠳᠦᠪᠲᠦ ᠠᠵᠢᠯᠯᠠᠭ᠎ᠠ ᠶᠢᠨ ᠲᠣᠬᠢᠷᠠᠭᠤᠯᠤᠯᠲᠠ ᠶᠢ ᠭᠤᠣᠯᠳᠠᠯᠭ᠎ᠠ ᠲᠠᠢ ᠲᠠᠨᠢᠯᠴᠠᠭᠤᠯᠵᠤ᠂ 10 ᠵᠤᠷᠪᠤᠰ ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠰᠣᠳᠣᠨ ᠱᠤᠭᠤᠮ ᠵᠢᠴᠢ 10 ᠵᠤᠷᠪᠤᠰ ᠬᠤᠪᠢᠰᠬᠠᠯᠲᠤ ᠵᠢᠭᠤᠯᠴᠢᠯᠠᠯ  ᠤᠨ ᠱᠤᠭᠤᠮ ᠢ ᠨᠡᠶᠢᠲᠡᠯᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号