ᠣᠶᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠣᠶᠣᠯ ᠪᠠ | ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ︽ᠥᠪᠥᠷ ᠮᠣᠩᠭᠤᠯ ᠤᠨ ᠦᠨᠦᠷ ᠠᠮᠲᠠ︾ ᠶᠢᠨ | ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢᠨ ᠶᠠᠷᠢᠶᠠᠨ ᠤ ᠲᠠᠪᠴᠠᠩ ᠵᠢᠴᠢ ᠠᠩᠬᠠᠨ ᠤ | ᠪᠦᠯᠦᠭ ᠤᠨ ︽ᠥᠪᠥᠷ ᠮᠣᠩᠭᠤᠯ ᠤᠨ ᠦᠨᠦᠷ ᠠᠮᠲᠠ︾ ᠶᠢ ᠮᠠᠭᠠᠳᠯᠠᠨ ᠲᠣᠭᠲᠠᠭᠠᠬᠤ ᠭᠤᠣᠯ ᠴᠣᠭᠴᠠ ᠶᠢᠨ ᠫᠠᠶᠢᠰᠠ | ᠣᠯᠭᠤᠬᠤ ᠶᠣᠰᠣᠯᠠᠯ ᠭᠦᠭᠡᠬᠤᠲᠠ ᠳᠤ ᠶᠠᠪᠤᠭᠳᠠᠵᠠᠢ᠃ ᠱᠠᠲᠤ ᠱᠠᠲᠤᠨ ᠤ ᠰᠢᠯᠭᠠᠷᠠᠭᠤᠯᠤᠯᠲᠠ ᠪᠠᠷ ᠳᠡᠮᠵᠢᠨ150 | ᠠᠵᠤ ᠠᠬᠤᠶᠢᠯᠠᠯ ᠳᠤ ︽ᠥᠪᠥᠷ ᠮᠣᠩᠭᠤᠯ ᠤᠨ ᠦᠨᠦᠷ ᠠᠮᠲᠠ︾ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭ ᠤᠨ ᠡᠷᠬᠡ ᠣᠯᠭᠤᠵᠤ᠂ ᠡᠭᠦᠨ ᠳᠤ ᠵᠢᠩᠬᠢᠨᠢ ᠪᠠᠷ ᠡᠷᠬᠡ ᠣᠯᠭᠤᠭᠰᠠᠨ ᠭᠤᠣᠯ ᠴᠣᠭᠴᠠ 109᠂ | ᠨᠥᠭᠡᠴᠡᠯᠡᠵᠦ ᠡᠷᠬᠡ ᠣᠯᠭᠤᠭᠰᠠᠨ ᠭᠤᠣᠯ ᠴᠣᠭᠴᠠ 41 ᠪᠤᠶ᠃ ᠲᠦᠷᠦᠭᠦᠸ ᠪᠦᠯᠦᠭ ᠤᠨ ᠡᠷᠬᠡ ᠣᠯᠭᠤᠭᠰᠠᠨ | ᠭᠤᠣᠯ ᠴᠣᠭᠴᠠ ᠳᠤ ᠪᠡᠶᠡᠴᠢᠯᠡᠨ ᠣᠶᠢᠯᠠᠭᠠᠬᠤ ᠳᠡᠯᠭᠡᠭᠦᠷ᠂ ᠦᠢᠯᠡᠳᠪᠦᠷᠢᠯᠡᠯ ᠤᠨ ᠠᠵᠤ ᠠᠬᠤᠶᠢᠯᠠᠯ᠂ ᠠᠮᠲᠠᠲᠤ | ᠢᠳᠡᠭᠡᠨ ᠤ ᠵᠡᠭᠡᠯᠢ ᠵᠡᠷᠭᠡ ᠪᠠᠭᠲᠠᠨ᠎ᠠ᠃ | ︽ᠥᠪᠥᠷ ᠮᠣᠩᠭᠤᠯ ᠤᠨ ᠦᠨᠦᠷ ᠠᠮᠲᠠ︾ ᠨᠢ ᠥᠪᠥᠷ ᠮᠣᠩᠭᠤᠯ ᠤᠨ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠡᠮᠳᠡᠭ ᠪᠣᠯᠤᠭᠰᠠᠨ ᠤ ᠬᠤᠪᠢ ᠳᠤ᠂ ᠬᠥᠭᠵᠢᠯᠲᠡ ᠶᠢᠨ ᠶᠠᠪᠤᠴᠠ ᠳᠤ ᠥᠪᠥᠷ ᠮᠣᠩᠭᠤᠯ ᠤᠨ | ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠤᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠢᠳᠡᠭᠡᠨ ᠤᠮᠳᠠᠭᠠᠨ ᠤ ᠰᠣᠶᠣᠯ ᠤᠨ ᠠᠭᠤᠯᠤᠭᠳᠠᠬᠤᠨ ᠢ | ᠭᠦᠨᠵᠡᠭᠡᠢ ᠠᠭᠤᠳᠠᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠦᠢᠯᠡᠳᠦᠯ ᠢ ᠲᠠᠰᠤᠷᠠᠯᠲᠠ ᠦᠭᠡᠢ | ᠥᠷᠭᠡᠳᠬᠡᠨ ᠮᠠᠰᠢ ᠰᠠᠶᠢᠨ ᠦᠷ᠎ᠡ ᠪᠦᠲᠦᠮᠵᠢ ᠣᠯᠵᠠᠢ᠃ | ᠠᠵᠢᠯᠯᠠᠭ᠎ᠠ ᠶᠢᠨ ᠬᠤᠭᠤᠴᠠᠭᠠᠨ ᠳᠤ᠂ ᠨᠠᠷᠠᠲᠤ ᠲᠥᠷᠥᠯ ᠲᠡᠮᠳᠡᠭ ᠤᠨ ᠬᠥᠭᠵᠢᠯᠲᠡ ᠨᠠᠷᠠᠲᠤ ᠲᠥᠷᠥᠯ | ᠲᠡᠮᠳᠡᠭ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠬᠠᠮᠢᠶ᠎ᠠ ᠪᠦᠬᠦᠢ ᠠᠵᠢᠯ ᠲᠥᠷᠥᠯ ᠤᠨ ᠲᠤᠰᠬᠠᠢ ᠮᠡᠷᠭᠡᠵᠢᠯᠲᠡᠨ | ᠡᠷᠳᠡᠮᠲᠡᠳ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠲᠣᠭᠤᠷᠢᠨ ᠳᠤ | ᠲᠤᠷᠰᠢᠯᠭ᠎ᠠ ᠪᠠᠨ ᠬᠤᠪᠢᠶᠠᠯᠴᠠᠨ᠂ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ᠂ ᠠᠷᠭ᠎ᠠ ᠤᠬᠠᠭᠠᠨ ᠭᠠᠷᠭᠠᠵᠠᠢ᠃ | ᠳᠤᠮᠳᠠᠳᠤ ᠤᠯᠤᠰ ᠤᠨ ᠤᠷᠢᠳᠴᠢᠯᠠᠨ ᠦᠢᠯᠡᠳᠬᠦ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠤᠯᠪᠤᠭ᠎ᠠ᠂ ᠪᠦᠭᠦ | ᠤᠯᠤᠰ ᠤᠨ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠲᠥᠪ ᠤᠨ ᠬᠤᠯᠪᠤᠭ᠎ᠠ ᠠᠴᠠ ᠲᠣᠰ ᠲᠣᠰ ᠥᠪᠥᠷ | ᠮᠣᠩᠭᠤᠯ ᠤᠨ ᠬᠤᠭᠤᠯᠠ ᠤᠮᠳᠠ ᠬᠤᠭᠤᠯᠠᠨ ᠭᠡᠷ ᠤᠨ ᠠᠵᠢᠯ ᠲᠥᠷᠥᠯ ᠤᠨ ᠨᠡᠶᠢᠭᠡᠮᠯᠢᠭ᠂ ᠥᠪᠥᠷ ᠮᠣᠩᠭᠤᠯ ᠤᠨ | ᠰᠢᠨ᠎ᠡ ᠶᠢ ᠡᠭᠦᠳᠬᠦ ᠭᠦᠢᠯᠭᠡᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠪ ᠯᠦᠭᠡ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠲᠣᠬᠢᠷᠠᠭᠰᠠᠨ ᠤ ᠬᠠᠮᠲᠤ ᠬᠠᠮᠢᠶ᠎ᠠ ᠪᠦᠬᠦᠢ ᠲᠥᠷᠥᠯ ᠵᠦᠢᠯ ᠤᠨ | ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠠᠢ᠃ |