ᠮᠠᠨ ᠤ ᠣᠷᠣᠨ ᠤ 5 ᠠᠵᠤ ᠠᠬᠤᠶᠢᠯᠠᠯ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠲᠤ ᠣᠷᠣᠯ᠎ᠠ
ᠨᠡᠶᠢᠲᠡᠯᠡᠭᠰᠡᠨ ᠴᠠᠭ᠄
2023/9/19
     ᠣᠶᠢᠷ᠎ᠠ ᠳᠤ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ︽2023 ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠨᠡᠶᠢᠲᠡᠯᠡᠵᠡᠢ᠃ ᠡᠭᠦᠨ ᠳᠤ᠂ ᠮᠠᠨ ᠤ ᠣᠷᠣᠨ ᠤ ᠢᠯᠢ ᠪᠦᠯᠦᠭᠯᠡᠯ᠂ ᠣᠷᠳᠣᠰ ᠪᠦᠯᠦᠭᠯᠡᠯ᠂ ᠢ ᠲᠠᠢ ᠪᠦᠯᠦᠭᠯᠡᠯ᠂ ᠬᠤᠢ ᠨᠧᠩ ᠪᠦᠯᠦᠭᠯᠡᠯ᠂ ᠮᠧᠩ ᠲᠠᠢ ᠪᠦᠯᠦᠭᠯᠡᠯ ᠵᠡᠷᠭᠡ 5 ᠠᠵᠤ ᠠᠬᠤᠶᠢᠯᠠᠯ 2023 ᠣᠨ ᠤ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ  ᠲᠤ ᠣᠷᠣᠪᠠ᠃      ᠡᠨᠡ ᠵᠢᠯ ᠤᠨ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠲᠤ ᠣᠷᠣᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠤᠷᠤᠯᠭ᠎ᠠ ᠨᠢ ᠬᠠᠮᠤᠭ ᠤᠨ ᠪᠠᠭ᠎ᠠ ᠳᠠᠭᠠᠨ 275.78 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠠᠴᠠ 12.11% ᠪᠠᠷ ᠨᠡᠮᠡᠭᠳᠡᠪᠡ᠃ ᠡᠭᠦᠨ ᠳᠤ ᠮᠠᠨ ᠤ ᠣᠷᠣᠨ ᠤ ᠢᠯᠢ ᠪᠦᠯᠦᠭᠯᠡᠯ 1231.71 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ 73 ᠳᠤ ᠵᠢᠭᠰᠠᠭᠠᠭᠳᠠᠵᠤ᠂ ᠣᠷᠳᠣᠰ ᠪᠦᠯᠦᠭᠯᠡᠯ 715.6 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ 144 ᠳᠤ ᠵᠢᠭᠰᠠᠭᠠᠭᠳᠠᠨ᠂ ᠢ ᠲᠠᠢ ᠪᠦᠯᠦᠭᠯᠡᠯ 621.6 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ 174 ᠳᠤ ᠵᠢᠭᠰᠠᠭᠠᠭᠳᠠᠵᠤ᠂ ᠬᠤᠢ ᠨᠧᠩ ᠪᠦᠯᠦᠭᠯᠡᠯ 496.45 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ 240 ᠳᠤ ᠵᠢᠭᠰᠠᠭᠠᠭᠳᠠᠨ᠂ ᠮᠧᠩ ᠲᠠᠢ ᠪᠦᠯᠦᠭᠯᠡᠯ 408.01 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠤᠷᠤᠯᠭ᠎ᠠ ᠪᠠᠷ 294 ᠳᠤ ᠵᠢᠭᠰᠠᠭᠠᠭᠳᠠᠪᠠ᠃      ᠮᠠᠨ ᠤ ᠣᠷᠣᠨ ᠤ ᠢᠯᠢ ᠪᠦᠯᠦᠭᠯᠡᠯ᠂ ᠣᠷᠳᠣᠰ ᠪᠦᠯᠦᠭᠯᠡᠯ᠂ ᠮᠧᠩ ᠲᠠᠢ ᠪᠦᠯᠦᠭᠯᠡᠯ᠂ ᠵᠢᠶᠦ᠋ᠨ ᠵᠧᠩ ᠪᠦᠯᠦᠭᠯᠡᠯ᠂ ᠤᠯᠠᠭᠠᠨᠬᠠᠳᠠ ᠶᠢᠨ ᠶᠤᠸᠠᠨ ᠯᠢᠶᠠᠨ ᠪᠣᠯᠣᠳ ᠲᠡᠮᠦᠷ ᠤᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠶᠢᠨ ᠯᠢᠶᠠᠨ ᠬᠥᠩᠭᠡᠨᠴᠠᠭᠠᠨ ᠤ ᠮᠠᠲ᠋ᠧᠷᠢᠶᠠᠯ ᠤᠨ ᠬᠢᠵᠠᠭᠠᠷᠲᠤ ᠺᠤᠮᠫᠠᠨᠢ᠂ ᠤᠳᠤᠭ ᠬᠤᠰᠢᠭᠤᠨ ᠤ ᠵᠢᠶᠠᠨ ᠶᠤᠸᠠᠨ ᠨᠡᠭᠦᠷᠡᠰᠦ ᠬᠡᠦᠷᠰᠢᠭᠦᠯᠬᠦ ᠠᠵᠤ ᠦᠢᠯᠡᠰ ᠤᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠬᠠᠳᠤᠨ ᠭᠤᠣᠯ ᠤᠨ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ᠂ ᠥᠪᠥᠷ ᠮᠣᠩᠭᠤᠯ ᠤᠨ ᠴᠢᠩ ᠬᠤᠸᠠ ᠪᠦᠯᠦᠭᠯᠡᠯ ᠵᠡᠷᠭᠡ 9 ᠠᠵᠤ ᠠᠬᠤᠶᠢᠯᠠᠯ ᠪᠠᠰᠠ 2023 ᠣᠨ ᠤ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ 500 ᠬᠦᠴᠦᠷᠬᠡᠭ ᠲᠤ ᠣᠷᠣᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号