ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠳᠦᠷᠦ ᠶᠢᠨ ᠪᠣᠳᠣᠯᠭ᠎ᠠ ᠶᠢᠨ ᠮᠡᠳᠡᠭᠳᠡᠯ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠤᠷᠭᠠᠨ ᠬᠥᠮᠦᠵᠢᠯ ᠤᠨ | ᠲᠢᠩᠬᠢᠮ ︵ᠰᠤᠷᠭᠠᠨ ᠬᠥᠮᠦᠵᠢᠯ ᠤᠨ ᠵᠥᠪᠯᠡᠯ︶᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠡᠯ᠎ᠡ ᠲᠤᠰᠠᠭᠠᠷ | ᠲᠥᠯᠥᠪᠯᠡᠭᠡᠲᠦ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠱᠠᠩᠬᠠᠢ ᠶᠢᠨ | ᠶᠡᠷᠦᠩᠬᠡᠢ ᠬᠡᠯᠲᠡᠰ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠲᠤᠰᠠᠭᠠᠷ | ᠲᠥᠯᠥᠪᠯᠡᠭᠡᠲᠦ ᠬᠤᠲᠠ ᠶᠢᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠡᠯ᠎ᠡ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠥᠪ ᠤᠨ ᠰᠠᠯᠠᠭ᠎ᠠ | ᠮᠥᠴᠢᠷ ᠲᠤ ᠬᠠᠷᠢᠶᠠᠯᠠᠭᠳᠠᠬᠤ ᠡᠯ᠎ᠡ ᠶᠡᠭᠡ ᠳᠡᠭᠡᠳᠦ ᠰᠤᠷᠭᠠᠭᠤᠯᠢ᠂ ᠡᠯ᠎ᠡ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠳᠤ᠄ | ᠰᠤᠷᠤᠬᠴᠢᠳ ᠢ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠤᠷᠤᠬᠴᠢᠳ ᠤᠨ ᠵᠢᠭᠡᠯᠡᠯᠭᠡ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠰᠤᠷᠤᠬᠴᠢᠳ ᠤᠨ | ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠵᠥᠪᠰᠢᠶᠡᠷᠡᠯ ᠢᠶᠠᠷ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠲᠤᠬᠠᠢ ᠳᠦᠷᠦ ᠶᠢᠨ ᠪᠣᠳᠣᠯᠭ᠎ᠠ ᠶᠢ | ᠲᠣᠬᠢᠷᠠᠭᠤᠯᠤᠨ ᠲᠡᠭᠦᠯᠳᠡᠷᠵᠢᠭᠦᠯᠬᠦ ᠪᠠᠷ ᠲᠣᠭᠲᠠᠪᠠ᠂ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠨᠡᠮᠡᠭᠳᠡᠭᠦᠯᠦᠨ᠎ᠡ | 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦᠯᠢ | ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠬᠴᠢ | ︵ᠬᠤᠶᠠᠳᠤᠭᠠᠷ ᠣᠶᠤᠲᠠᠨ ᠤ ᠴᠣᠯᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠬᠴᠢ᠂ | ᠪᠡᠯᠡᠳᠬᠡᠯ ᠠᠩᠭᠢ ᠶᠢᠨ ᠰᠣᠷᠣᠬᠴᠢ ᠪᠠᠭᠲᠠᠨ᠎ᠠ᠂ ᠳᠣᠷᠣᠭᠰᠢ ᠠᠳᠠᠯᠢ︶ ᠶᠢᠨ ᠬᠥᠮᠥᠨ ᠪᠦᠷᠢ ᠶᠢᠨ ᠵᠢᠯ ᠪᠦᠷᠢ ᠶᠢᠨ | ᠭᠤᠶᠤᠴᠢᠯᠠᠬᠤ ᠵᠢᠭᠡᠯᠡᠯᠭᠡ ᠶᠢ 12000 ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠭᠰᠠᠨ ᠠᠴᠠ ᠪᠠᠨ 16000 | ᠲᠥᠭᠦᠷᠢᠭ ᠠᠴᠠ ᠬᠡᠲᠦᠷᠡᠭᠦᠯᠬᠦ ᠦᠭᠡᠢ ᠪᠤᠯᠭᠠᠵᠤ ᠨᠡᠮᠡᠭᠳᠡᠭᠦᠯᠦᠨ᠎ᠡ᠂ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ | ᠬᠥᠮᠥᠨ ᠪᠦᠷᠢ ᠶᠢᠨ ᠵᠢᠯ ᠳᠤ ᠭᠤᠶᠤᠴᠢᠯᠠᠬᠤ ᠵᠢᠭᠡᠯᠡᠯᠭᠡ ᠶᠢ 16000 ᠲᠥᠭᠦᠷᠢᠭ ᠠᠴᠠ ᠬᠡᠲᠦᠷᠡᠭᠦᠯᠬᠦ ᠦᠭᠡᠢ | ᠪᠠᠶᠢᠭᠰᠠᠨ ᠠᠴᠠ 20000 ᠲᠥᠭᠦᠷᠢᠭ ᠠᠴᠠ ᠬᠡᠲᠦᠷᠡᠭᠦᠯᠬᠦ ᠦᠭᠡᠢ ᠪᠣᠯᠭᠠᠨ ᠨᠡᠮᠡᠭᠳᠡᠭᠦᠯᠦᠨ᠎ᠡ᠃ ᠰᠤᠷᠤᠬᠴᠢᠳ ᠤᠨ | ᠭᠤᠶᠤᠴᠢᠯᠠᠭᠰᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠰᠤᠷᠭᠠᠭᠤᠯᠢ ᠳᠤ ᠪᠠᠶᠢᠬᠤ | ᠬᠤᠭᠤᠴᠠᠭᠠᠨ ᠳᠠᠬᠢ ᠰᠤᠷᠤᠯᠭ᠎ᠠ ᠶᠢᠨ ᠰᠦᠢᠳᠬᠡᠯ ᠪᠠ ᠬᠤᠨᠤᠭ ᠤᠨ ᠰᠦᠢᠳᠬᠡᠯ ᠢ ᠲᠥᠯᠥᠬᠦ ᠳᠤ ᠤᠷᠢᠳᠠᠪᠠᠷ | ᠬᠡᠷᠡᠭᠯᠡᠵᠦ᠂ ᠬᠡᠲᠦᠷᠡᠭᠰᠡᠨ ᠬᠡᠰᠡᠭ ᠢ ᠨᠢ ᠡᠳᠦᠷ ᠲᠤᠳᠤᠮ ᠤᠨ ᠠᠮᠢᠳᠤᠷᠠᠯ ᠤᠨ ᠰᠦᠢᠳᠬᠡᠯ ᠢ ᠨᠡᠮᠡᠷᠢᠯᠡᠬᠦ ᠳᠤ | ᠬᠡᠷᠡᠭᠯᠡᠨ᠎ᠡ᠃ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ | ᠴᠡᠷᠢᠭ ᠤᠨ ᠠᠯᠪᠠ ᠬᠠᠭᠠᠬᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠬᠴᠢᠳ ᠤᠨ ᠰᠤᠷᠤᠯᠭ᠎ᠠ ᠶᠢᠨ | ᠰᠦᠢᠳᠬᠡᠯ ᠤᠨ ᠨᠥᠬᠦᠪᠦᠷᠢ᠂ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ | ᠪᠠᠷᠢᠮᠵᠢᠶ᠎ᠠ ᠵᠢᠴᠢ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ᠂ | ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ | ᠲᠥᠯᠥᠬᠦ ᠪᠠᠷᠢᠮᠵᠢᠶ᠎ᠠ ᠶᠢ ᠵᠣᠬᠢᠴᠠᠩᠭᠤᠢ ᠪᠠᠷ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠬᠴᠢᠳ | ᠬᠥᠮᠥᠨ ᠪᠦᠷᠢ ᠵᠢᠯ ᠳᠤ ᠬᠠᠮᠤᠭ ᠥᠨᠳᠥᠷ ᠲᠡᠭᠡᠨ 16000 ᠲᠥᠭᠦᠷᠢᠭ ᠠᠴᠠ ᠬᠡᠲᠦᠷᠡᠭᠦᠯᠵᠦ ᠪᠤᠯᠬᠤ ᠦᠭᠡᠢ᠂ | ᠰᠤᠳᠤᠯᠬᠤ ᠰᠤᠷᠤᠬᠴᠢ ᠬᠥᠮᠥᠨ ᠪᠦᠷᠢ ᠵᠢᠯ ᠳᠤ ᠬᠠᠮᠤᠭ ᠥᠨᠳᠥᠷ ᠲᠡᠭᠡᠨ 20000 ᠲᠥᠭᠦᠷᠢᠭ ᠠᠴᠠ | ᠬᠡᠲᠦᠷᠡᠭᠦᠯᠬᠦ ᠦᠭᠡᠢ ᠪᠤᠯᠭᠠᠵᠤ ᠲᠣᠬᠢᠷᠠᠭᠤᠯᠤᠨ᠎ᠠ᠃ | ᠬᠤᠶᠠᠷ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢ | ᠲᠣᠬᠢᠷᠠᠭᠤᠯᠤᠨ᠎ᠠ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠠᠳᠠᠯᠢ | ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ | ᠮᠥᠩᠭᠦ ᠶᠢᠨ ᠨᠣᠷᠮ᠎ᠠ ︵LPR︶ ᠠᠴᠠ 30 ᠰᠠᠭᠤᠷᠢ ᠴᠡᠭ ᠬᠠᠰᠤᠵᠤ᠂ ᠠᠳᠠᠯᠢ ᠬᠤᠭᠤᠴᠠᠭᠠᠨ ᠤ ᠠᠳᠠᠯᠢ ᠲᠠᠰ ᠤᠨ | LPR ᠪᠣᠯᠭᠠᠨ 60 ᠰᠠᠭᠤᠷᠢ ᠴᠡᠭ ᠬᠠᠰᠤᠨ᠎ᠠ᠃ ᠡᠭᠦᠨ ᠠᠴᠠ ᠡᠮᠦᠨ᠎ᠡ ᠨᠢᠭᠡᠨᠲᠡ ᠭᠠᠷ ᠤᠨ ᠥᠰᠥᠭ ᠵᠢᠷᠤᠭᠰᠠᠨ | LPR ᠶᠢᠨ ᠬᠥᠳᠡᠯᠦᠩᠭᠦᠢ ᠬᠦᠦ ᠮᠥᠩᠭᠦ ᠶᠢᠨ ᠨᠣᠷᠮ᠎ᠠ ᠪᠠᠷ ᠯᠠᠪᠯᠠᠯᠲᠠ ᠪᠤᠯᠭᠠᠬᠰᠠᠨ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠭᠡᠷ᠎ᠡ ᠶᠢ ᠳᠠᠭᠠᠭᠠᠨ ᠭᠦᠢᠴᠡᠳᠬᠡᠬᠦ ᠪᠠᠩᠬᠢ ᠨᠢ ᠵᠢᠭᠡᠯᠡᠯᠭᠡ ᠵᠢᠭᠡᠯᠡᠭᠰᠡᠨ | ᠰᠣᠷᠣᠬᠴᠢ ᠲᠠᠢ ᠵᠥᠪᠳᠡᠯᠴᠡᠵᠦ ᠪᠠᠶᠢᠭᠠᠳ ᠤᠤᠯ ᠤᠨ ᠭᠡᠷ᠎ᠡ ᠶᠢᠨ ᠬᠦᠦ ᠮᠥᠩᠭᠦ ᠶᠢᠨ ᠨᠣᠷᠮ᠎ᠠ ᠶᠢ ᠠᠳᠠᠯᠢ | ᠬᠤᠭᠤᠴᠠᠭᠠᠨ ᠤ ᠠᠳᠠᠯᠢ ᠲᠠᠰ ᠤᠨ LPR ᠶᠢ 60 ᠰᠠᠭᠤᠷᠢ ᠴᠡᠭ ᠪᠣᠯᠭᠠᠨ ᠲᠣᠬᠢᠷᠠᠭᠤᠯᠵᠤ ᠪᠣᠯᠣᠨ᠎ᠠ᠃ | ᠭᠤᠷᠪᠠ᠂ ᠠᠰᠫᠢᠷᠠᠨᠲ ᠤᠨ ᠬᠤᠳᠠᠯᠳᠤᠭᠠᠨ ᠤ ᠴᠢᠨᠠᠷᠲᠠᠢ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠠᠵᠢᠯ ᠢ ᠥᠷᠨᠢᠭᠦᠯᠦᠨ᠎ᠡ | ᠠᠰᠫᠢᠷᠠᠨᠲ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠵᠦᠢ ᠵᠣᠬᠢᠰᠲᠠᠢ ᠰᠤᠷᠤᠯᠴᠠᠯᠭ᠎ᠠ | ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠵᠤ᠂ ᠠᠰᠫᠢᠷᠠᠨᠲ ᠤᠨ ᠭᠡᠷ ᠪᠦᠯᠢ ᠶᠢᠨ ᠠᠵᠤ ᠠᠬᠤᠢ ᠶᠢᠨ | ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠶᠢᠨ ᠲᠥᠯᠥᠭᠡ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠰᠤᠷᠭᠠᠭᠤᠯᠢ ᠳᠤ ᠪᠠᠶᠢᠭ᠎ᠠ ᠠᠰᠫᠢᠷᠠᠨᠲ ᠲᠤ ᠬᠤᠳᠠᠯᠳᠤᠭᠠᠨ ᠤ ᠴᠢᠨᠠᠷᠲᠠᠢ ᠰᠤᠷᠤᠯᠭ᠎ᠠ ᠶᠢᠨ | ᠲᠡᠳᠬᠦᠮᠵᠢ ᠶᠢᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠠᠷᠳᠠᠮ ᠨᠢ ᠳᠥᠭᠦᠮ | ᠳᠥᠲᠡ᠂ ᠲᠦᠭᠰᠢᠭᠦᠷᠢ ᠶᠢ ᠡᠵᠡᠮᠳᠡᠵᠦ ᠪᠤᠯᠬᠤ ᠠᠰᠫᠢᠷᠠᠨᠲ ᠤᠨ ᠢᠲᠡᠭᠡᠮᠵᠢ ᠶᠢᠨ ᠰᠤᠷᠤᠯᠭ᠎ᠠ ᠶᠢᠨ ᠲᠡᠳᠬᠦᠮᠵᠢ ᠶᠢᠨ | ᠵᠢᠭᠡᠯᠡᠯᠭᠡ ᠶᠢᠨ ᠦᠢᠯᠡᠳᠬᠦᠨ ᠢ ᠴᠢᠭᠯᠡᠭᠦᠯᠬᠦ ᠴᠢᠨᠠᠷᠲᠠᠢ ᠪᠠᠷ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠬᠤ ᠶᠢᠨ ᠬᠠᠮᠲᠤ᠂ | ᠵᠢᠭᠡᠯᠡᠯᠭᠡ ᠶᠢᠨ ᠲᠤᠭ᠎ᠠ ᠬᠡᠮᠵᠢᠶ᠎ᠡ᠂ ᠬᠦᠦ ᠶᠢᠨ ᠨᠣᠷᠮ᠎ᠠ᠂ ᠬᠤᠭᠤᠴᠠᠭ᠎ᠠ ᠬᠢᠵᠠᠭᠠᠷ᠂ ᠵᠣᠭᠤᠰ ᠪᠤᠴᠠᠭᠠᠬᠤ ᠠᠷᠭ᠎ᠠ ᠮᠠᠶ᠋ᠢᠭ | ᠵᠡᠷᠭᠡ ᠲᠠᠯ᠎ᠠ ᠪᠠᠷ ᠵᠣᠬᠢᠬᠤ ᠬᠠᠷᠠᠭᠠᠯᠵᠠᠯ ᠦᠵᠡᠭᠦᠯᠦᠨ᠎ᠡ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠭᠦᠨ ᠠᠴᠠ | ᠡᠮᠦᠨᠡᠬᠢ ᠲᠣᠭᠲᠠᠭᠠᠯ ᠨᠢ ᠲᠤᠰ ᠮᠡᠳᠡᠭᠳᠡᠯ ᠲᠠᠢ ᠨᠢᠭᠡᠳᠦᠯ ᠦᠭᠡᠢ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ | ᠪᠣᠯᠭᠠᠨ᠎ᠠ᠃ ᠲᠣᠰ ᠮᠡᠳᠡᠭᠳᠡᠯ ᠲᠤ ᠲᠣᠭᠲᠠᠭᠠᠭᠰᠠᠨ ᠦᠭᠡᠢ ᠵᠦᠢᠯ ᠢ ᠤᠤᠯ ᠤᠨ ᠲᠥᠷᠥ ᠶᠢᠨ ᠪᠣᠳᠣᠯᠭ᠎ᠠ ᠶᠢᠨ | ᠶᠣᠰᠣᠭᠠᠷ ᠬᠡᠷᠡᠭᠵᠢᠭᠦᠯᠦᠨ᠎ᠡ᠃ | | | ᠰᠤᠷᠭᠠᠨ ᠬᠥᠮᠦᠵᠢᠯ ᠤᠨ ᠶᠠᠮᠤᠨ ᠳᠤᠮᠳᠠᠳᠤ ᠤᠯᠤᠰ ᠤᠨ ᠠᠷᠠᠳ ᠤᠨ ᠪᠠᠩᠬᠢ | ᠮᠥᠩᠭᠦᠨ ᠭᠦᠢᠯᠭᠡᠭᠡᠨ ᠤ ᠬᠢᠨᠠᠨ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ | 2023 ᠣᠨ ᠤ 9 ᠰᠠᠷ᠎ᠠ ᠶᠢᠨ 11 ᠤ ᠡᠳᠦᠷ |