ᠡᠳᠡᠭᠡᠷ ᠨᠤᠲᠤᠭ ᠲᠤ 11-12 ᠳᠡᠰ ᠤᠨ ᠰᠠᠯᠬᠢ ᠰᠠᠯᠬᠢᠯᠠᠨ᠎ᠠ
ᠨᠡᠶᠢᠲᠡᠯᠡᠭᠰᠡᠨ ᠴᠠᠭ᠄
2023/9/19
     ᠣᠶᠢᠷ᠎ᠠ ᠳᠤ ᠰᠢᠨ᠎ᠡ ᠨᠢᠭᠡ ᠡᠭᠡᠯᠵᠢᠨ ᠤ ᠬᠤᠷ᠎ᠠ ᠪᠣᠷᠣᠭᠠᠨ ᠦᠷᠭᠦᠯᠵᠢᠯᠡᠵᠦ᠂ ᠤᠮᠠᠷᠠᠲᠤ ᠣᠷᠣᠨ ᠳᠤ ᠨᠠᠮᠤᠷ ᠤᠨ ᠪᠣᠷᠣᠭᠠᠨ ᠤ ᠳᠠᠷᠠᠭ᠎ᠠ ᠰᠡᠷᠢᠬᠦᠦ ᠣᠷᠣᠵᠦ᠂ 20 ᠤ ᠡᠳᠦᠷ ᠤᠨ ᠡᠮᠦᠨ᠎ᠡ ᠬᠤᠶᠢᠭᠤᠷ᠂ ᠪᠠᠷᠠᠭᠤᠨ ᠬᠤᠶᠢᠲᠤ ᠣᠷᠣᠨ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠤ ᠴᠥᠭᠡᠨ ᠪᠤᠰᠤ ᠭᠠᠵᠠᠷ ᠤᠨ ᠬᠠᠮᠤᠭ ᠤᠨ ᠳᠣᠣᠷ᠎ᠠ ᠠᠭᠠᠷ ᠤᠨ ᠳᠤᠯᠠᠭᠠᠨ ᠨᠢ ᠨᠠᠮᠤᠷ ᠤᠨ ᠰᠡᠭᠦᠯᠴᠢ ᠶᠢᠨ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠦ ᠮᠡᠳᠡᠬᠦ ᠶᠤᠮ ᠪᠠᠶᠢᠨ᠎ᠠ᠃      ᠲᠥᠪ ᠤᠨ ᠴᠠᠭ ᠠᠭᠤᠷ ᠤᠨ ᠰᠲ᠋ᠠᠨᠼ 18 ᠤ ᠡᠳᠦᠷ ᠤᠨ 10 ᠴᠠᠭ ᠲᠤ ᠡᠷᠴᠢ ᠶᠡᠬᠡᠳᠡᠢ ᠰᠣᠯᠢᠭ ᠤᠷᠤᠰᠬᠠᠯ ᠤᠨ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠲᠠᠰ ᠳᠡᠪᠰᠢᠭᠦᠯᠦᠨ ᠨᠡᠶᠢᠲᠡᠯᠡᠪᠡ᠂ ᠵᠢᠱᠢᠯᠲᠡ ᠪᠠᠷ 18 ᠤ ᠡᠳᠦᠷ ᠤᠨ 14 ᠴᠠᠭ ᠠᠴᠠ 19 ᠤ ᠡᠳᠦᠷ ᠤᠨ 14 ᠴᠠᠭ ᠪᠣᠯᠲᠠᠯ᠎ᠠ᠂ ᠥᠪᠥᠷ ᠮᠣᠩᠭᠤᠯ ᠤᠨ ᠵᠡᠭᠦᠨ ᠡᠮᠦᠨᠡᠲᠦ ᠪᠡᠶ᠎ᠡ᠂ ᠬᠠᠷᠠᠮᠥ᠋ᠷᠡᠨ ᠤ ᠳᠤᠮᠳᠠ ᠪᠠ ᠡᠮᠦᠨᠡᠲᠦ ᠪᠡᠶ᠎ᠡ᠂ ᠭᠢᠷᠢᠨ ᠤ ᠳᠤᠮᠳᠠ ᠪᠠᠷᠠᠭᠤᠨ ᠪᠡᠶ᠎ᠡ᠂ ᠯᠢᠶᠣᠤᠨᠢᠩ᠂ ᠱᠠᠨᠳᠦ᠋ᠩ ᠤᠨ ᠬᠤᠶᠢᠲᠤ ᠪᠠ ᠡᠮᠦᠨᠡᠲᠦ ᠪᠡᠶ᠎ᠡ ᠵᠡᠷᠭᠡ ᠭᠠᠵᠠᠷ ᠲᠤ 8 ︱ 10 ᠲᠠᠰ ᠤᠨ ᠶᠡᠭᠡ ᠰᠠᠯᠬᠢ ᠲᠠᠢ ᠰᠢᠷᠦᠬᠦᠨ ᠪᠤᠷᠤᠭ᠎ᠠ ᠪᠤᠶᠤ ᠮᠥᠨᠳᠥᠷ ᠣᠷᠣᠬᠤ ᠪᠤᠯᠤᠨ᠎ᠠ᠃ ᠡᠭᠦᠨ ᠳᠤ ᠥᠪᠥᠷ ᠮᠣᠩᠭᠤᠯ ᠤᠨ ᠵᠡᠭᠦᠨ ᠡᠮᠦᠨᠡᠲᠦ ᠪᠡᠶ᠎ᠡ᠂ ᠭᠢᠷᠢᠨ ᠤ ᠳᠤᠮᠳᠠ ᠪᠠᠷᠠᠭᠤᠨ ᠪᠡᠶ᠎ᠡ᠂ ᠯᠢᠶᠣᠤᠨᠢᠩ ᠵᠡᠷᠭᠡ ᠭᠠᠵᠠᠷ ᠤᠨ ᠰᠠᠯᠬᠢᠨ ᠤ ᠡᠷᠴᠢ 11 ︱ 12 ᠲᠠᠰ ᠲᠤ ᠬᠦᠷᠬᠦ ᠪᠥᠭᠡᠳ ᠬᠤᠶ ᠳᠡᠭᠳᠡᠵᠦ ᠮᠡᠳᠡᠨ᠎ᠡ᠃      ᠥᠪᠥᠷ ᠮᠣᠩᠭᠤᠯ ᠤᠨ ᠵᠡᠭᠦᠨ ᠪᠡᠶ᠎ᠡ᠂ ᠬᠠᠷᠠᠮᠥ᠋ᠷᠡᠨ᠂ ᠭᠢᠷᠢᠨ ᠤ ᠳᠤᠮᠳᠠ ᠵᠡᠭᠦᠨ ᠪᠡᠶ᠎ᠡ᠂ ᠯᠢᠶᠣᠤᠨᠢᠩ ᠤᠨ ᠬᠤᠶᠢᠳᠦ ᠪᠡᠶ᠎ᠡ ᠵᠡᠷᠭᠡ ᠭᠠᠵᠠᠷ ᠣᠷᠣᠨ ᠳᠤ ᠳᠦᠷ ᠴᠠᠭ ᠤᠨ ᠰᠢᠷᠦᠭᠦᠨ ᠪᠣᠷᠣᠭᠠᠨ ᠣᠷᠣᠨ᠎ᠠ᠃ ᠨᠢᠭᠡ ᠴᠠᠭ ᠤᠨ ᠳᠣᠲᠣᠷ᠎ᠠ ᠪᠠᠭᠤᠬᠤ ᠬᠤᠷ᠎ᠠ ᠲᠤᠨᠤᠳᠠᠰᠤᠨ ᠤ ᠬᠡᠮᠵᠢᠶ᠎ᠡ ᠨᠢ ᠬᠠᠮᠤᠭ ᠤᠨ ᠶᠡᠭᠡ ᠳᠡᠭᠡᠨ 30 ~ 50 ᠮᠢᠯᠢᠮᠧᠲᠷ ᠪᠠᠶᠢᠵᠤ᠂ ᠬᠡᠰᠡᠭ ᠭᠠᠵᠠᠷ ᠲᠤ 60 ᠮᠢᠯᠢᠮᠧᠲᠷ ᠠᠴᠠ ᠳᠡᠭᠡᠭᠰᠢ ᠳᠤ ᠬᠦᠷᠬᠦ ᠶᠤᠮ ᠪᠠᠶᠢᠨ᠎ᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号