ᠣᠷᠴᠢᠮᠬᠠᠨ ︽ᠤᠮᠠᠷᠠᠲᠤ ᠬᠢᠯᠢ ᠶᠢᠨ ᠰᠣᠶᠣᠯ︾ ᠤᠨ ᠦᠵᠡᠭᠦᠯᠭᠡ ᠲᠠᠶᠢᠯᠤᠮᠵᠢ ᠶᠢᠨ ᠵᠢᠷᠭᠤᠳᠤᠭᠠᠷ | ᠬᠤᠭᠤᠴᠠᠭᠠᠨ ᠤ ᠠᠵᠢᠯᠯᠠᠭ᠎ᠠ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤ ᠶᠠᠪᠤᠭᠳᠠᠵᠤ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠭᠤᠶᠠᠴᠢ ᠦᠭᠡᠢ ᠵᠢᠳᠬᠦᠯ ᠴᠢᠷᠮᠠᠶᠢᠯᠭ᠎ᠠ ᠶᠢ | ᠳᠠᠬᠢᠨᠲᠠ ᠢᠯᠡᠷᠡᠭᠦᠯᠦᠯ᠎ᠡ᠃ | ᠲᠤᠰ ᠤᠳᠠᠭ᠎ᠠ ᠶᠢᠨ ᠠᠵᠢᠯᠯᠠᠭ᠎ᠠ ᠳᠤ ︽ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ | ᠴᠠᠳᠢᠭ - ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ︾ ᠶᠢᠨ ᠲᠣᠭᠤᠷᠢᠨ ᠳᠤ 100 | ᠭᠠᠷᠤᠢ ᠭᠡᠷᠡᠯ ᠵᠢᠷᠤᠭ ᠤᠨ ᠪᠦᠲᠦᠭᠡᠯ ᠢ ᠨᠠᠷᠢᠯᠢᠭ ᠰᠣᠩᠭᠤᠨ ᠦᠵᠡᠭᠦᠯᠵᠦ᠂ ︽ᠬᠤᠪᠢᠯᠭᠠᠨ ᠣᠩᠭᠤᠴᠠ ᠲᠠᠪᠤᠳᠤᠭᠠᠷ︾ | ᠠᠴᠠ ︽ᠬᠤᠪᠢᠯᠭᠠᠨ ᠣᠩᠭᠤᠴᠠ ᠠᠷᠪᠠᠨ ᠬᠤᠶᠠᠳᠤᠭᠠᠷ︾ ᠬᠦᠷᠲᠡᠯᠡᠬᠢ ᠳᠤᠮᠳᠠᠳᠤ ᠤᠯᠤᠰ ᠤᠨ ᠬᠥᠮᠥᠨ | ᠰᠠᠭᠤᠯᠭᠠᠭᠰᠠᠨ ᠰᠠᠨᠰᠠᠷ ᠤᠨ ᠨᠢᠰᠬᠦ ᠣᠩᠭᠤᠴᠠ ᠵᠢᠴᠢ ᠳᠤᠮᠳᠠᠳᠤ ᠤᠯᠤᠰ ᠤᠨ 11 ᠰᠠᠨᠰᠠᠷᠴᠢᠨ ᠤ ᠰᠠᠨᠰᠠᠷ ᠲᠤ | ᠭᠠᠷᠬᠤ᠂ ᠪᠠᠭᠤᠬᠤ ᠵᠡᠷᠭᠡ ᠴᠢᠬᠤᠯᠠ ᠶᠡᠭᠡ ᠲᠡᠦᠬᠡᠨ ᠴᠠᠭ ᠮᠥᠴᠡ ᠶᠢ ᠳᠠᠭᠢᠨ ᠢᠯᠡᠷᠡᠭᠦᠯᠬᠦ ᠶᠢᠨ ᠬᠠᠮᠲᠤ ᠭᠡᠷᠡᠯ | ᠵᠢᠷᠤᠭᠴᠢᠨ ᠦ᠋ ᠶᠦᠨ ᠱᠧᠩ ᠢ ᠤᠷᠢᠵᠤ ᠭᠡᠷᠡᠯ ᠵᠢᠷᠤᠭ ᠢᠶᠠᠨ ᠰᠡᠭᠦᠳᠡᠷᠯᠡᠬᠦ ᠦᠶ᠎ᠡ ᠶᠢᠨ ᠥᠯᠢᠭᠡᠷ ᠢ ᠨᠢ | ᠶᠠᠷᠢᠭᠤᠯᠵᠤ᠂ ᠥᠷᠭᠡᠨ ᠣᠯᠠᠨ ᠰᠠᠨᠰᠠᠷᠴᠢᠨ ᠤ ᠲᠡᠰᠪᠦᠷᠢ ᠬᠠᠲᠠᠭᠤᠵᠢᠯᠲᠠᠢ᠂ ᠭᠠᠷᠮᠠᠭᠠᠢ ᠪᠠᠷ ᠪᠠᠶᠢᠯᠳᠤᠵᠤ ᠴᠢᠳᠠᠬᠤ᠂ | ᠪᠣᠭᠤᠮᠲᠠ ᠰᠢᠪᠲᠤᠯᠵᠤ ᠴᠢᠳᠠᠬᠤ᠂ ᠣᠨᠴᠠᠭᠠᠶ ᠬᠤᠪᠢ ᠨᠡᠮᠡᠷᠢ ᠦᠵᠡᠭᠦᠯᠵᠦ ᠴᠢᠳᠠᠬᠤ ᠴᠤᠭ ᠪᠠᠳᠠᠷᠠᠩᠭᠤᠢ ᠣᠶᠤᠨ | ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ | ᠤᠨ ᠺᠠᠳ᠋ᠷ ᠣᠯᠠᠨ ᠲᠦᠮᠡᠨ ᠤ ᠶᠡᠭᠡ ᠲᠠᠯ᠎ᠠ ᠶᠢ ᠪᠣᠳᠣᠯᠬᠢᠯᠠᠨ ᠬᠠᠷᠠᠮ ᠦᠭᠡᠢ ᠵᠣᠷᠢᠭᠤᠯᠵᠤ᠂ ᠮᠠᠨ ᠤ ᠤᠯᠤᠰ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠰᠠᠨᠰᠠᠷ ᠤᠨ ᠠᠶᠠᠯᠠᠯ | ᠤᠨ ᠦᠢᠯᠡᠰ ᠢ ᠳᠡᠮᠵᠢᠬᠦ ᠡᠬᠡ ᠣᠷᠣᠨᠴᠢ ᠬᠠᠶᠢᠷ᠎ᠠ ᠰᠡᠳᠬᠢᠯᠭᠡ ᠶᠢ ᠲᠤᠰᠬᠠᠭᠰᠠᠨ ᠪᠠᠶᠢᠨ᠎ᠠ᠃ | ︽ᠠᠭᠤᠤ ᠶᠡᠭᠡ ᠵᠣᠷᠢᠭ ᠰᠠᠨᠠᠭ᠎ᠠ ᠠᠭᠤᠤ ᠶᠡᠭᠡ ᠦᠢᠯᠡᠰ ᠢ ᠪᠦᠲᠦᠭᠡᠨ᠎ᠡ - ᠳᠤᠮᠳᠠᠳᠤ ᠤᠯᠤᠰ ᠤᠨ ᠡᠪ | ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ︾ ᠭᠤᠣᠯ ᠰᠡᠳᠦᠪᠲᠦ ᠦᠵᠡᠭᠦᠯᠭᠡ ᠶᠢ ᠡᠷᠭᠢᠯᠡᠭᠰᠡᠨ ᠠᠴᠠ ᠨᠠᠭᠠᠰᠢ᠂ | ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠨᠡᠶᠢᠲᠡ 8 ᠬᠤᠭᠤᠴᠠᠭᠠᠨ ᠤ ︽ᠤᠮᠠᠷᠠᠲᠤ ᠬᠢᠯᠢ ᠶᠢᠨ ᠰᠣᠶᠣᠯ︾ | ᠤᠨ ᠦᠵᠡᠭᠦᠯᠭᠡ ᠲᠠᠶᠢᠯᠤᠮᠵᠢ ᠪᠠ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠲᠥᠰᠥᠪᠯᠡᠨ᠂ ᠨᠢᠭᠡᠨᠲᠡ | 6 ᠬᠤᠭᠤᠴᠠᠭ᠎ᠠ ᠶᠠᠪᠤᠭᠳᠠᠭᠤᠯᠵᠤ᠂ 1000 ᠭᠠᠷᠤᠢ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠠᠵᠢᠯᠯᠠᠭ᠎ᠠ ᠳᠤ | ᠣᠷᠣᠯᠴᠠᠵᠠᠢ᠃ ᠦᠵᠡᠭᠦᠯᠭᠡ ᠪᠠ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠨᠢ ᠬᠠᠷᠢᠯᠴᠠᠨ ᠤᠶᠠᠯᠳᠤᠵᠤ᠂ | ᠦᠵᠡᠯ ᠰᠠᠨᠠᠭᠠᠨ ᠤ ᠰᠢᠮ᠎ᠡ ᠲᠡᠵᠢᠭᠡᠯ᠂ ᠨᠠᠮᠴᠢ ᠴᠢᠨᠠᠷ ᠤᠨ ᠪᠣᠯᠪᠠᠰᠤᠷᠠᠯ᠂ ᠦᠢᠯᠡᠳᠦᠯᠭᠡ ᠶᠢᠨ ᠬᠡᠪ ᠪᠣᠯᠪᠠᠰᠤᠷᠠᠯ ᠵᠡᠷᠭᠡ | ᠲᠠᠯ᠎ᠠ ᠠᠴᠠ ᠨᠠᠮ ᠤᠨ ᠭᠡᠰᠢᠭᠦᠨ ᠺᠠᠳ᠋ᠷ ᠤᠨ ᠴᠤᠭ ᠰᠦᠯᠳᠡ ᠶᠢ ᠬᠥᠭᠵᠢᠭᠡᠨ ᠪᠠᠳᠠᠷᠠᠭᠤᠯᠵᠤ᠂ ᠤᠮᠠᠷᠠᠲᠤ ᠬᠢᠯᠢ ᠶᠢᠨ | ᠰᠣᠶᠣᠯ ᠤᠨ ᠠᠭᠤᠯᠤᠭᠳᠠᠬᠤᠨ ᠢ ᠠᠭᠤᠰᠤᠯᠴᠠᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠭᠤᠣᠯ | ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠪᠠ᠃ |