9 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 16 ᠳ᠋ᠤᠭᠠᠷ ᠤᠳᠠᠭ᠎ᠠ ᠶᠢᠨ | ᠡᠷᠭᠢᠯᠡᠭᠴᠢᠳ ᠤᠨ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠢ 9 | ᠰᠠᠷ᠎ᠠ ᠶᠢᠨ 25 ᠤ ᠡᠳᠦᠷ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠤᠨ ᠨᠠᠶᠢᠳᠠᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠵᠦ᠂ ᠳᠡᠳ᠋ ᠡᠷᠭᠢᠯᠡᠭᠴᠢ ᠳ᠋ᠤᠸᠠᠨ ᡁᠢ | ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ | ᠬᠤᠷᠠᠯ ᠳᠤ ᠣᠷᠣᠯᠴᠠᠵᠠᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠤᠨ ᠵᠥᠪᠯᠡᠬᠦ | ᠵᠦᠢᠯᠡᠰ ︵ᠲᠥᠰᠥᠯ︶ ᠢ ᠪᠠᠲᠤᠯᠠᠪᠠ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ | ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠤᠨ ᠬᠡᠷᠡᠭᠯᠡᠭᠡᠨ ᠤ ᠨᠢᠮᠭᠡᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ | ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ ︵ᠲᠥᠰᠥᠯ ᠳᠤ ᠵᠠᠰᠠᠪᠤᠷᠢ | ᠣᠷᠣᠭᠤᠯᠤᠭᠰᠠᠨ ᠨᠣᠣᠷᠠᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ | ︵ᠵᠠᠰᠠᠪᠤᠷᠢ ᠣᠷᠣᠭᠤᠯᠤᠭᠰᠠᠨ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ | ︵ᠲᠥᠰᠥᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ | ᠠᠬᠢᠭᠤᠯᠬᠤ ᠳᠦᠷᠢᠮ︵ᠲᠥᠰᠥᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠢ | ᠬᠥᠭᠵᠢᠭᠦᠯᠦᠨ ᠮᠠᠨᠳᠤᠭᠤᠯᠬᠤ ᠳᠦᠷᠢᠮ︵ᠲᠥᠰᠥᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠬᠤᠭᠤᠯᠠᠨ ᠭᠡᠷ ᠰᠤᠯᠠ ᠢᠳᠡᠭᠡᠨ ᠤ ᠳᠡᠯᠭᠡᠭᠦᠷ ᠪᠠ | ᠢᠳᠡᠭᠡᠨ ᠤ ᠫᠠᠨᠽᠠᠴᠢᠨ ᠤ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ ︵ᠵᠠᠰᠠᠪᠤᠷᠢ | ᠣᠷᠣᠭᠤᠯᠤᠭᠰᠠᠨ ᠲᠥᠰᠥᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ | ᠰᠢᠢᠳᠪᠦᠷᠢᠯᠡᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ | ᠠᠰᠢᠭᠯᠠᠬᠤ ᠶᠢ ᠠᠬᠢᠭᠤᠯᠬᠤ ᠲᠤᠬᠠᠢ ᠲᠣᠭᠲᠠᠭᠠᠯ ︵ᠲᠥᠰᠥᠯ︶ ᠢ ᠬᠢᠨᠠᠨ ᠵᠥᠪᠯᠡᠨ᠎ᠡ᠃ | ︽︿ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠢᠯᠴᠢ ᠬᠠᠩᠭᠠᠬᠤ ᠳᠦᠷᠢᠮ﹀ ᠳᠤ ᠵᠠᠰᠠᠪᠤᠷᠢ | ᠣᠷᠣᠭᠤᠯᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾᠂ ︽ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠦᠷᠢᠮ︾᠂ ︽ᠪᠠᠶᠠᠨᠨᠠᠭᠤᠷ ᠬᠤᠲᠠ ᠶᠢᠨ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠳᠦᠷᠢᠮ︾ ᠢ ᠬᠢᠨᠠᠨ ᠪᠠᠶᠢᠴᠠᠭᠠᠵᠤ ᠵᠥᠪᠰᠢᠶᠡᠷᠡᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠤᠭᠤᠶᠢᠯᠠᠩ ᠤᠨ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠬᠡᠷᠡᠭᠵᠢᠭᠦᠯᠦᠭᠰᠡᠨ | ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ | ᠰᠣᠨᠣᠰᠴᠤ ᠬᠢᠨᠠᠨ ᠵᠥᠪᠯᠡᠬᠦ ᠶᠢᠨ ᠬᠠᠮᠲᠤ ᠲᠤᠰᠬᠠᠢ ᠰᠡᠳᠦᠪ ᠢᠶᠠᠷ ᠯᠠᠪᠯᠠᠨ ᠠᠰᠠᠭᠤᠨ᠎ᠠ᠂ ᠬᠢᠯᠢ ᠬᠢᠵᠠᠭᠠᠷ ᠣᠷᠣᠨ ᠤ | ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠳᠤᠮᠳᠠ ᠬᠤᠭᠤᠴᠠᠭᠠᠨ ᠤ | ᠦᠨᠡᠯᠡᠨ ᠵᠢᠱᠢᠭᠰᠡᠨ ᠮᠡᠳᠡᠭᠦᠯᠦᠯᠲᠡ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ | ᠮᠡᠳᠡᠭᠦᠯᠦᠯᠲᠡ᠂ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠭᠰᠠᠨ ᠪᠠᠶᠢᠳᠠᠯ ᠤᠨ ᠲᠤᠬᠠᠢ | ᠮᠡᠳᠡᠭᠦᠯᠦᠯᠲᠡ᠂ ᠥᠨᠳᠥᠷ ᠬᠡᠪ ᠪᠣᠯᠪᠠᠰᠤᠷᠠᠯ ᠪᠦᠬᠦᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ | ᠬᠥᠮᠥᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠬᠠᠮᠠᠭᠠᠯᠠᠬᠤ ᠪᠠᠶᠢᠳᠠᠯ ᠤᠨ ᠲᠤᠬᠠᠢ ᠮᠡᠳᠡᠭᠦᠯᠦᠯᠲᠡ᠂ ᠦᠬᠡᠷ ᠬᠤᠨᠢᠨ ᠮᠢᠬᠠᠨ ᠤ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠡᠬᠢ ᠪᠠᠶᠠᠯᠢᠭ ᠢ | ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ | ᠵᠥᠪᠯᠡᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠢᠭᠡ | ᠥᠷᠲᠡᠭᠡᠴᠢᠯᠡᠭᠰᠡᠨ ᠤᠯᠠᠨ ᠡᠰᠢᠲᠦ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢᠨ | ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ | ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠲᠥᠰᠥᠪ ᠤᠨ ᠲᠣᠬᠢᠷᠠᠭᠤᠯᠤᠯᠲᠠ ᠶᠢᠨ ᠲᠥᠰᠥᠯ ︵ᠲᠥᠰᠥᠯ︶ ᠤᠨ ᠲᠤᠬᠠᠢ ᠮᠡᠳᠡᠭᠦᠯᠦᠯᠲᠡ ᠵᠡᠷᠭᠡ ᠶᠢ ᠬᠢᠨᠠᠨ | ᠵᠥᠪᠯᠡᠨ᠎ᠡ᠃ | ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ᠃ |