9 ᠰᠠᠷ᠎ᠠ ᠶᠢᠨ 17 ᠤ ᠡᠳᠦᠷ ᠪᠣᠯ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠭᠠᠷᠠᠭ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠭᠤᠣᠯ ᠰᠡᠳᠦᠪᠲᠦ ᠡᠳᠦᠷ ᠪᠣᠯᠣᠨ᠎ᠠ᠃ | ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ᠂ ᠭᠦᠭᠡᠬᠤᠲᠠ ᠬᠤᠶᠠᠷ ᠱᠠᠲᠤᠨ ᠤ ᠠᠵᠢᠯᠴᠢᠨ ᠤ ᠡᠪᠯᠡᠯ ᠬᠢᠭᠡᠳ | ᠡᠮᠡᠭᠲᠡᠶᠢᠴᠦᠳ ᠤᠨ ᠬᠤᠯᠪᠤᠭ᠎ᠠ ᠬᠠᠮᠲᠤᠷᠠᠨ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠭᠠᠷᠠᠭ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠭᠤᠣᠯ ᠰᠡᠳᠦᠪᠲᠦ ᠡᠳᠦᠷ ᠤᠨ | ᠪᠦᠭᠦ ᠣᠷᠣᠨ ᠤ ᠡᠭᠢᠯᠡᠯᠲᠡ ᠶᠢᠨ ᠶᠣᠰᠣᠯᠠᠯ ᠢ ᠡᠷᠭᠢᠯᠡᠨ ᠶᠠᠪᠤᠭᠳᠠᠭᠤᠯᠪᠠ᠃ | ᠡᠭᠢᠯᠡᠯᠲᠡ ᠶᠢᠨ ᠶᠣᠰᠣᠯᠠᠯ ᠳᠡᠭᠡᠷ᠎ᠡ᠂ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠪᠦᠭᠦ ᠠᠵᠢᠯᠲᠠᠨ ᠠᠵᠢᠯᠴᠢᠨ | ᠣᠯᠠᠨ ᠲᠦᠮᠡᠨ ᠤ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ | ᠰᠦᠯᠵᠢᠶᠡᠨ ᠳᠡᠭᠡᠷᠡᠬᠢ ᠴᠤᠤᠷᠬᠠᠯ ᠪᠠ ᠬᠠᠤᠯᠢ ᠶᠢ ᠵᠥᠷᠢᠴᠡᠭᠰᠡᠨ ᠬᠤᠣᠷ ᠬᠥᠨᠥᠭᠡᠯ ᠲᠠᠢ ᠮᠡᠳᠡᠭᠡ ᠵᠠᠩᠭᠢ ᠶᠢ | ᠡᠰᠡᠷᠭᠦᠴᠡᠨ ᠬᠤᠷᠢᠭᠯᠠᠵᠤ᠂ ᠠᠷᠢᠭᠤᠨ ᠴᠡᠪᠡᠷ ᠰᠦᠯᠵᠢᠶᠡᠨ ᠤ ᠣᠷᠴᠢᠨ ᠢ ᠪᠤᠢ ᠪᠤᠯᠭᠠᠬᠤ ᠶᠢ ᠰᠠᠨᠠᠭᠠᠴᠢᠯᠠᠪᠠ᠂ | ᠭᠦᠭᠡᠬᠤᠲᠠ ᠶᠢᠨ ᠭᠦᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ ᠠᠴᠠ ᠣᠯᠠᠨ ᠢᠶᠠᠷ ᠢᠶᠠᠨ ᠬᠤᠪᠢ ᠬᠥᠮᠥᠨ ᠤ | ᠮᠡᠳᠡᠭᠡ ᠵᠠᠩᠭᠢ ᠪᠠᠨ ᠰᠠᠶᠢᠲᠤᠷ ᠬᠠᠮᠠᠭᠠᠯᠠᠬᠤ ᠶᠢ ᠰᠠᠨᠠᠭᠠᠴᠢᠯᠠᠪᠠ᠂ ᠥᠪᠡᠷᠲᠡᠭᠡᠨ ᠵᠠᠰᠠᠬᠤ ᠣᠷᠣᠨ᠂ ᠭᠦᠭᠡᠬᠤᠲᠠ ᠶᠢᠨ | ᠰᠦᠯᠵᠢᠶᠡᠨ ᠤ ᠠᠮᠤᠷ ᠲᠦᠪᠰᠢᠨ ᠤ ᠤᠬᠠᠭᠤᠯᠤᠭᠴᠢ ᠲᠤᠬᠠᠢ ᠶᠢᠨ ᠲᠠᠯᠠᠪᠠᠢ ᠳᠤ ᠤᠯᠠᠨ ᠲᠦᠮᠡᠨ ᠳᠤ ᠰᠦᠯᠵᠢᠶᠡᠨ ᠤ | ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠵᠢᠴᠢ ᠳᠤᠷᠠᠰᠬᠠᠯ ᠤᠨ ᠪᠣᠳᠠᠰ ᠲᠠᠷᠬᠠᠭᠠᠪᠠ᠂ ᠬᠠᠤᠯᠢ ᠶᠢᠨ | ᠵᠥᠪᠯᠡᠭᠴᠢ ᠠᠴᠠ ᠲᠤᠬᠠᠢ ᠶᠢᠨ ᠲᠠᠯᠠᠪᠤᠷ ᠤᠨ ᠤᠯᠠᠨ ᠲᠦᠮᠡᠨ ᠳᠤ ᠬᠠᠤᠯᠢ ᠴᠠᠭᠠᠵᠠ ᠶᠢ ᠲᠦᠭᠡᠮᠡᠯᠵᠢᠭᠦᠯᠵᠦ᠂ | ᠮᠠᠳᠠᠭ ᠲᠠᠢ ᠠᠰᠠᠭᠤᠳᠠᠯ ᠢ ᠨᠢ ᠲᠠᠶᠢᠯᠪᠤᠷᠢᠯᠠᠵᠤ ᠥᠭᠪᠡ᠃ | 2017 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ | ᠡᠮᠡᠭᠲᠡᠶᠢᠴᠦᠳ ᠤᠨ ᠬᠤᠯᠪᠤᠭ᠎ᠠ 7 ᠵᠢᠯ ᠳᠠᠷᠠᠭᠠᠯᠠᠨ ᠤᠯᠤᠰ ᠤᠨ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠭᠠᠷᠠᠭ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠭᠤᠣᠯ ᠰᠡᠳᠦᠪᠲᠦ ᠡᠳᠦᠷ ᠤᠨ | ᠠᠵᠢᠯᠯᠠᠭ᠎ᠠ ᠥᠷᠨᠢᠭᠦᠯᠵᠦ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | 3400 ᠭᠠᠷᠤᠢ ᠲᠠᠯᠠᠪᠠᠢ ᠡᠷᠭᠢᠯᠡᠵᠦ᠂ ᠤᠬᠠᠭᠤᠯᠭ᠎ᠠ ᠶᠢᠨ ᠮᠠᠲ᠋ᠧᠷᠢᠶᠠᠯ ᠢ 21 ᠲᠦᠮᠡ ᠭᠠᠷᠤᠢ ᠬᠤᠪᠢ ᠲᠠᠷᠬᠠᠭᠠᠵᠤ᠂ | ᠣᠷᠣᠯᠴᠠᠬᠰᠠᠨ ᠠᠵᠢᠯᠲᠠᠨ ᠠᠵᠢᠯᠴᠢᠨ ᠤᠯᠠᠨ ᠲᠦᠮᠡᠨ 230 ᠭᠠᠷᠤᠢ ᠲᠦᠮᠡᠨ ᠬᠥᠮᠥᠨ ᠤᠳᠠᠭ᠎ᠠ ᠳᠤ ᠬᠦᠷᠴᠦ᠂ | ᠨᠡᠩ ᠤᠯᠠᠨ ᠬᠥᠮᠥᠰ ᠲᠤ ᠰᠦᠯᠵᠢᠶᠡᠨ ᠤ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠬᠤᠪᠢ | ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢᠶᠠᠨ ᠬᠠᠮᠠᠭᠠᠯᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ | ᠰᠦᠯᠵᠢᠶᠡᠨ ᠤ ᠠᠷᠢᠭᠤᠨ ᠴᠡᠪᠡᠷ ᠣᠷᠴᠢᠨ ᠢ ᠪᠤᠢ ᠪᠤᠯᠭᠠᠬᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠳᠤ | ᠢᠳᠡᠪᠬᠢᠲᠡᠢ ᠦᠢᠯᠡᠳᠦᠯ ᠦᠵᠡᠭᠦᠯᠵᠡᠢ᠃ |