ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 2023 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠮᠡᠳᠡᠭᠦᠯᠵᠦ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/20
     9 ᠰᠠᠷ᠎ᠠ ᠶᠢᠨ 14 ᠤ ᠡᠳᠦᠷ᠂ ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 2023 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠮᠡᠳᠡᠭᠦᠯᠵᠦ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃
     ᠬᠤᠷᠠᠯ ᠠᠴᠠ ︽2023 ᠣᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠮᠡᠳᠡᠭᠦᠯᠵᠦ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠲᠤᠬᠠᠢ ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ᠢ ᠤᠯᠠᠮᠵᠢᠯᠠᠵᠤ᠂ ︽ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠢ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠰᠦᠯᠵᠢᠶᠡᠨ ᠲᠢᠩᠬᠢᠮ ᠳᠤ ᠭᠦᠢᠴᠡᠳᠬᠡᠬᠦ ᠶᠠᠪᠤᠴᠠ︾ ᠪᠣᠯᠣᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠳᠤ ᠨᠠᠷᠢᠨ ᠲᠠᠶᠢᠯᠤᠮᠵᠢ ᠬᠢᠭᠰᠡᠨ ᠪᠥᠭᠡᠳ ᠮᠠᠨ ᠤ ᠰᠢᠶᠠᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠮᠡᠳᠡᠭᠦᠯᠵᠦ ᠬᠢᠨᠠᠨ ᠲᠣᠭᠲᠠᠭᠠᠬᠤ ᠠᠵᠢᠯ ᠪᠣᠯ ᠨᠢᠭᠡ ᠵᠦᠢᠯ ᠤᠨ ᠣᠨ ᠤ ᠵᠣᠷᠰᠢᠯᠲᠤ ᠠᠵᠢᠯ ᠮᠥᠨ᠂ ᠡᠨᠡ ᠨᠢ ᠪᠥᠬᠦ ᠰᠢᠶᠠᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠲᠠᠲᠠᠪᠤᠷᠢᠯᠠᠨ ᠲᠤᠰᠢᠶᠠᠬᠤ ᠠᠵᠢᠯ ᠳᠤ ᠲᠤᠶᠢᠯ ᠤᠨ ᠴᠢᠬᠤᠯᠠ ᠪᠠᠶᠢᠳᠠᠭ᠂ ᠲᠣᠰ ᠠᠵᠢᠯ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠤᠷᠢᠶᠠᠬᠤ ᠶᠣᠰᠣᠲᠠᠢ ᠪᠦᠬᠦᠨ ᠢ ᠬᠤᠷᠢᠶᠠᠬᠤ ᠲᠠᠢ ᠰᠢᠭᠤᠳ ᠬᠤᠯᠪᠣᠭᠳᠠᠬᠤ ᠪᠥᠭᠡᠳ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠣᠰ ᠪᠡᠶ᠎ᠡ ᠶᠢᠨ ᠠᠰᠢᠭ ᠲᠤᠰᠠ ᠲᠠᠢ ᠴᠤ ᠬᠤᠯᠪᠣᠭᠳᠠᠨ᠎ᠠ᠃ ᠡᠶᠢᠮᠦ ᠠᠴᠠ᠂ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠭᠲᠠᠭᠰᠠᠨ ᠴᠠᠭ ᠲᠤ ᠮᠡᠳᠡᠭᠦᠯᠬᠦ ᠠᠵᠢᠯ ᠢᠶᠠᠨ ᠪᠡᠶᠡᠯᠡᠭᠦᠯᠬᠦ ᠬᠡᠷᠡᠭᠲᠡᠢ᠃ ᠨᠢᠭᠡ ᠳᠤ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠡᠷᠲᠡ ᠠᠴᠠ ᠲᠣᠬᠢᠷᠠᠭᠤᠯᠤᠨ ᠪᠠᠶᠢᠷᠢᠯᠠᠭᠤᠯᠵᠤ᠂ ᠲᠤᠰᠬᠠᠢ ᠬᠥᠮᠥᠨ ᠲᠣᠬᠢᠷᠠᠭᠤᠯᠤᠨ ᠲᠤᠰᠬᠠᠢ ᠠᠵᠢᠯ ᠢ ᠲᠦᠯᠬᠢᠨ ᠠᠬᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠣᠯᠪᠠᠰᠤᠷᠠᠭᠤᠯᠤᠯ ᠢ ᠴᠢᠩᠭᠠᠳᠬᠠᠨ᠂ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠡ ᠶᠢ ᠵᠣᠬᠢᠶᠠᠨ ᠪᠠᠶᠢᠭᠤᠯᠵᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠮᠡᠳᠡᠭᠦᠯᠵᠦ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠭᠤᠯᠬᠤ ᠬᠡᠷᠡᠭᠲᠡᠢ᠃ ᠭᠤᠷᠪᠠ ᠳᠤ ᠨᠢᠭᠡᠴᠡ ᠳᠤ ᠭᠦᠨᠵᠡᠭᠡᠶᠢᠷᠡᠵᠦ᠂ ᠤᠬᠠᠭᠤᠯᠭ᠎ᠠ ᠪᠠᠨ ᠴᠢᠩᠭᠠᠳᠬᠠᠨ᠂ ᠵᠠᠭᠤᠴᠢᠯᠠᠭᠤᠷ᠂ ᠸᠢᠴᠠᠲ ᠤᠨ ᠠᠵᠢᠯ ᠤᠨ ᠪᠦᠯᠦᠭ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠮᠡᠳᠡᠭᠦᠯᠬᠦ ᠠᠵᠢᠯ ᠪᠠ ᠡᠮᠴᠢᠯᠡᠭᠡᠨ ᠤ ᠳᠠᠭᠠᠳᠬᠠᠯ ᠤᠨ ᠰᠦᠯᠵᠢᠶᠡᠨ ᠲᠢᠩᠬᠢᠮ ᠤᠨ ᠨᠡᠶᠢᠭᠡᠮ ᠤᠨ ᠤᠬᠠᠭᠤᠯᠭ᠎ᠠ ᠶᠢ ᠴᠢᠩᠭᠠᠳᠬᠠᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠨᠢᠭᠡᠴᠡ ᠪᠠ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠳᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠡᠮᠴᠢᠯᠡᠭᠡᠨ ᠤ ᠳᠠᠭᠠᠳᠬᠠᠯ ᠤᠨ ᠰᠦᠯᠵᠢᠶᠡᠨ ᠲᠢᠩᠬᠢᠮ ᠤᠨ ᠳᠥᠭᠦᠮ ᠳᠥᠲᠡ᠂ ᠥᠨᠳᠥᠷ ᠪᠦᠲᠦᠮᠵᠢᠲᠡᠶ ᠶᠢ ᠣᠶᠢᠯᠠᠭᠠᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号