ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠰᠢᠯᠭᠠᠨ ᠦᠨᠡᠯᠡᠬᠦ ᠠᠵᠢᠯ ᠤᠨ ᠳᠤᠭᠤᠶᠢᠯᠠᠩ ᠦᠴᠦᠸᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/20
     9 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠠᠵᠢᠯ ᠤᠨ ᠳᠥᠷᠪᠡᠳᠦᠭᠡᠷ ᠰᠢᠯᠭᠠᠨ ᠦᠨᠡᠯᠡᠬᠦ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ᠂ ᠥᠪᠥᠷ ᠮᠣᠩᠭᠤᠯ ᠤᠨ ᠣᠷᠳᠣᠰ ᠤᠨ ᠴᠡᠷᠢᠭ ᠤᠨ ᠬᠤᠪᠢᠶᠠᠷᠢ ᠲᠣᠭᠤᠷᠢᠭ ᠤᠨ ᠠᠬᠠᠯᠠᠬᠤ ᠬᠤᠷᠠᠩᠳᠠ ᠳᠡᠳ᠋ ᠺᠤᠮᠠᠨᠳᠠᠯᠠᠭᠴᠢ ᠶᠠᠩ ᠰᠢᠶᠣᠣ ᠰᠢᠯᠭᠠᠨ ᠦᠨᠡᠯᠡᠬᠦ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ᠂ ᠮᠠᠨ ᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
     ᠶᠠᠩ ᠰᠢᠩ ᠱᠧᠩ᠂ ᠬᠠᠳᠠ᠂ ᠱᠢ ᠰᠢᠩ ᠴᠢᠶᠠᠩ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠮᠠᠨ ᠤ ᠰᠢᠶᠠᠨ ᠤ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠣᠶᠢᠷ᠎ᠠ ᠶᠢᠨ ᠵᠢᠯ ᠳᠤ᠂ ᠮᠠᠨ ᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠪᠣᠯᠣᠨ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠦᠴᠦᠸᠠᠨ ᠤ ᠬᠤᠪᠢᠰᠬᠠᠯ ᠤᠨ ᠡᠬᠢ ᠪᠠᠶᠠᠯᠢᠭ ᠪᠣᠯᠣᠨ ᠬᠤᠶᠠᠷ ᠢ ᠬᠦᠷᠢᠶᠡᠯᠡᠬᠦ ᠲᠡᠦᠬᠡ ᠶᠢᠨ ᠤᠯᠠᠮᠵᠢᠯᠠᠯ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠠᠮᠢᠰᠬᠤᠭ᠎ᠠ ᠪᠠᠨ ᠨᠢᠭᠡᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ᠂ ᠰᠡᠳᠬᠢᠯ ᠵᠢᠷᠦᠬᠡ ᠪᠠᠨ ᠬᠤᠯᠪᠣᠬᠤ︾ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠲᠠᠰᠤᠷᠠᠯᠳᠡ ᠦᠭᠡᠢ ᠪᠠᠬᠢᠵᠢᠭᠦᠯᠦᠨ ᠬᠥᠭᠵᠢᠭᠦᠯᠪᠡ᠃
     ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠬᠢᠨ ᠮᠠᠨ ᠤ ᠰᠢᠶᠠᠨ ᠤ ᠬᠤᠶᠠᠷ ᠢ ᠬᠦᠷᠢᠶᠡᠯᠡᠬᠦ ᠡᠭᠦᠳᠦᠨ ᠪᠠᠶᠢᠭᠤᠯᠬᠤ ᠠᠵᠢᠯ ᠢ ᠭᠦᠢᠴᠡᠳ ᠨᠤᠲᠠᠯᠠᠵᠤ᠂ ᠦᠴᠦᠸᠠᠨ ᠰᠢᠶᠠᠨ ᠤ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠠᠵᠢᠯ ᠤᠨ ᠰᠠᠭᠤᠷᠢ ᠨᠢ ᠪᠠᠲᠤᠲᠠᠢ ᠪᠥᠭᠡᠳ ᠦᠷ᠎ᠡ ᠪᠦᠲᠦᠮᠵᠢ ᠨᠢ ᠢᠯᠡᠷᠬᠡᠢ᠂ ᠣᠨᠴᠠᠯᠢᠭ ᠲᠠᠢ᠂ ᠦᠷ᠎ᠡ ᠪᠦᠲᠦᠭᠡᠯ ᠲᠠᠢ᠂ ᠬᠢᠯᠠᠰ ᠴᠡᠭ ᠲᠠᠢ᠂ ᠰᠢᠨ᠎ᠡ ᠡᠭᠦᠳᠦᠯᠲᠡ ᠲᠠᠢ ᠶᠤᠮ᠂ ᠳᠠᠷᠠᠭᠠᠴᠢ ᠶᠢᠨ ᠠᠯᠬᠤᠮ ᠳᠤ ᠬᠤᠶᠠᠷ ᠢ ᠬᠦᠷᠢᠶᠡᠯᠡᠬᠦ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
     ᠬᠤᠷᠠᠯ ᠤᠨ ᠳᠠᠷᠠᠭ᠎ᠠ᠂ ᠶᠠᠩ ᠰᠢᠶᠣᠣ ᠨᠠᠷ ᠤᠷᠢᠳ ᠬᠤᠵᠢᠳ ᠰᠢᠶᠠᠨ ᠤ ᠭᠤᠸᠠᠩ ᠷᠦᠩ ᠤᠨ ᠬᠦᠷᠢᠶᠡᠯᠡᠩ᠂ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠬᠠᠷᠠᠭᠤᠯ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ  ᠲᠤᠨᠢ ᠰᠣᠨᠣᠰᠬᠤ᠂ ᠰᠠᠨᠠᠯ ᠢᠶᠠᠨ ᠰᠣᠯᠢᠯᠴᠠᠵᠤ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠰᠢᠶᠠᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠶᠢᠳᠠᠯ᠂ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠪᠠᠶᠢᠳᠠᠯ ᠵᠢᠴᠢ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠠᠭᠤᠯᠭ᠎ᠠ ᠶᠢ ᠨᠠᠷᠢᠨ ᠣᠶᠢᠯᠠᠭᠠᠪᠠ᠃      ᠴᠡᠷᠢᠭ ᠨᠢ ᠠᠷᠠᠳ ᠢᠶᠠᠨ ᠬᠠᠶᠢᠷᠠᠯᠠᠵᠤ᠂ ᠠᠷᠠᠳ ᠨᠢ ᠴᠡᠷᠢᠭ ᠢᠶᠠᠨ ᠬᠦᠷᠢᠶᠡᠯᠡᠨ᠎ᠡ᠂ ᠮᠠᠨ ᠤ ᠰᠢᠶᠠᠨ ᠲᠣᠰ ᠤᠳᠠᠭᠠᠨ ᠤ ᠰᠢᠯᠭᠠᠨ ᠦᠨᠡᠯᠡᠬᠦ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠴᠡᠷᠢᠭ ᠠᠩᠭᠢ ᠣᠷᠣᠨ ᠨᠤᠲᠤᠭ ᠴᠡᠷᠢᠭ ᠠᠷᠠᠳ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号