ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠄ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠬᠤᠲᠠ ᠬᠥᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠵᠡᠷᠭᠡ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ | ᠪᠠᠷᠢᠮᠵᠢᠶ᠎ᠠ᠂ ᠠᠵᠢᠯ ᠦᠢᠯᠡᠰ ᠤᠨ ᠨᠢᠭᠡᠴᠡ ᠶᠢᠨ ᠲᠥᠪᠯᠡᠷᠡᠭᠦᠯᠦᠨ ᠡᠷᠭᠦᠨ ᠲᠡᠵᠢᠭᠡᠭᠰᠡᠨ ᠬᠥᠮᠥᠰ ᠤᠨ ᠠᠮᠢᠳᠤᠷᠠᠯ ᠤᠨ | ᠪᠠᠷᠢᠮᠵᠢᠶ᠎ᠠ ᠶᠢ ᠳᠡᠭᠡᠭᠰᠢᠯᠡᠭᠦᠯᠬᠦ ᠪᠠ 80 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠢ ᠨᠠᠰᠤᠲᠠᠶᠢᠴᠤᠳ ᠲᠤ | ᠥᠨᠳᠥᠷ ᠨᠠᠰᠤᠨ ᠤ ᠨᠡᠮᠡᠭᠦᠷᠢ ᠣᠯᠭᠤᠬᠤ ᠲᠤᠬᠠᠢ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ | ﹇2012﹈ 18 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ | ᠮᠠᠨ ᠤ ᠰᠢᠶᠠᠩ ᠤᠨ 2023 ᠣᠨ ᠤ 10 ᠳ᠋ᠤᠭᠠᠷ ᠰᠠᠷ᠎ᠠ ᠶᠢᠨ ᠥᠨᠳᠥᠷ ᠨᠠᠰᠤᠨ ᠤ ᠨᠡᠮᠡᠭᠦᠷᠢ ᠶᠢᠨ ᠲᠥᠷᠥ ᠶᠢᠨ | ᠪᠣᠳᠣᠯᠭ᠎ᠠ ᠳᠤ ᠨᠡᠶᠢᠴᠡᠬᠦ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠨ 304 ᠬᠥᠮᠥᠨ᠂ ᠬᠥᠮᠥᠨ ᠪᠦᠷᠢ | ᠰᠠᠷ᠎ᠠ ᠳᠤ 100 ᠲᠥᠭᠦᠷᠢᠭ᠂ ᠨᠡᠶᠢᠲᠡ 3.04 ᠲᠦᠮᠡᠨ ᠲᠥᠭᠦᠷᠢᠭ︔ ᠲᠦᠭᠡᠮᠡᠯ ᠬᠠᠷᠠᠭᠠᠯᠵᠠᠯ ᠤᠨ ᠳᠦᠷᠢᠮᠲᠦ | ᠥᠨᠳᠥᠷ ᠨᠠᠰᠤᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠪᠦᠬᠦᠯᠢ 80 ᠨᠠᠰᠤᠨ ᠠᠴᠠ ᠳᠡᠭᠡᠭᠰᠢᠬᠢ | ᠨᠠᠰᠤᠲᠠᠨ 3 ᠬᠥᠮᠥᠨ᠂ ᠬᠥᠮᠥᠨ ᠪᠦᠷᠢ ᠰᠠᠷ᠎ᠠ ᠳᠤ 100 ᠲᠥᠭᠦᠷᠢᠭ᠂ ᠨᠡᠶᠢᠲᠡ 300 ᠲᠥᠭᠦᠷᠢᠭ᠂ ᠪᠦᠭᠦᠳᠡ 3. | 07 ᠲᠦᠮᠡᠨ ᠲᠥᠭᠦᠷᠢᠭ ᠢ ᠲᠠᠨ ᠳᠤ ᠰᠢᠯᠵᠢᠭᠦᠯᠦᠨ ᠥᠭᠭᠦᠨ᠎ᠡ᠃ ᠥᠨᠳᠥᠷ ᠨᠠᠰᠤᠲᠠᠢ ᠨᠠᠰᠤᠲᠠᠶᠢᠴᠤᠳ ᠤᠨ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠡᠳ᠋ ᠤᠨ ᠵᠠᠰᠠᠭ ᠤᠨ | ᠲᠣᠪᠴᠢᠶ᠎ᠠ ᠮᠡᠳᠡᠭᠳᠡᠯ ᠢ ᠣᠯᠣᠭᠰᠠᠨ ᠤ ᠳᠠᠷᠠᠭ᠎ᠠ᠂ ᠭᠠᠷᠳᠠᠮ ᠢ ᠪᠦᠷᠢᠨᠰᠢᠭᠦᠯᠵᠦ᠂ ᠴᠠᠭ ᠲᠤᠬᠠᠢ ᠳᠤᠨᠢ ᠲᠦᠭᠡᠭᠡᠨ | ᠳᠠᠭᠤᠰᠤᠭᠠᠷᠠᠢ᠃ | | | ᠳᠠᠭᠠᠯᠳᠤᠭᠤᠯᠤᠯ᠄ 1. ᠬᠤᠭᠤᠯᠠᠢ ᠠᠭᠤᠯᠠ ᠰᠢᠶᠠᠩ ᠤᠨ 2023 ᠣᠨ ᠤ 10 ᠳ᠋ᠤᠭᠠᠷ ᠰᠠᠷ᠎ᠠ ᠶᠢᠨ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠣᠯᠭᠤᠬᠤ ᠬᠥᠮᠥᠰ ᠤᠨ | ᠬᠤᠷᠢᠶᠠᠩᠭᠤᠢ ᠬᠦᠰᠦᠨᠦᠭᠲᠦ | 2. ᠬᠤᠭᠤᠯᠠᠢ ᠠᠭᠤᠯᠠ ᠰᠢᠶᠠᠩ ᠤᠨ ᠲᠦᠭᠡᠮᠡᠯ ᠬᠠᠷᠠᠭᠠᠯᠵᠠᠯ ᠤᠨ ᠳᠦᠷᠢᠮᠲᠦ ᠥᠨᠳᠥᠷ | ᠨᠠᠰᠤᠨ ᠤ ᠨᠡᠮᠡᠭᠦᠷᠢ ᠣᠯᠭᠤᠬᠤ ᠬᠥᠮᠥᠰ ᠤᠨ ᠬᠤᠷᠢᠶᠠᠩᠭᠤᠢ ᠬᠦᠰᠦᠨᠦᠭᠲᠦ ︵2023 ᠣᠨ ᠤ 10 ᠳ᠋ᠤᠭᠠᠷ ᠰᠠᠷ᠎ᠠ︶ | | | ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ ᠤᠨ ᠠᠷᠠᠳ ᠤᠨ ᠵᠠᠰᠠᠭ ᠤᠨ ᠣᠷᠳᠣᠨ | 2023 ᠤᠨ 8 ᠰᠠᠷ᠎ᠠ ᠶᠢᠨ 18 ᠤ ᠡᠳᠦᠷ |