ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠲᠠᠷᠢᠶᠠᠨ ᠭᠠᠵᠠᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/9/21
     ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠣᠷᠳᠣᠭᠤᠷ ᠣᠷᠣᠭᠤᠯᠬᠤ ᠪᠦᠲᠦᠴᠡ ᠶᠢ ᠲᠣᠬᠢᠷᠠᠭᠤᠯᠤᠨ᠂ ᠪᠣᠷᠳᠣᠭᠤᠷ ᠣᠷᠣᠭᠤᠯᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠵᠣᠬᠢᠰ ᠦᠭᠡᠢ ᠬᠢᠮᠢ ᠶᠢᠨ ᠪᠣᠷᠳᠣᠭᠤᠷ ᠤᠨ ᠣᠷᠣᠭᠤᠯᠤᠯᠲᠠ ᠶᠢ ᠪᠠᠭᠠᠰᠬᠠᠨ᠂ ᠪᠣᠷᠳᠣᠭᠤᠷ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠲᠦᠷᠦᠭᠦᠬᠡᠨ᠂ ᠦᠴᠦᠸᠠᠨ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠲᠥᠮᠥᠰᠥᠨ ᠤ ᠰᠠᠭᠤᠷᠢ ᠪᠣᠷᠳᠣᠭᠤᠷ ᠦᠭᠡᠢ ᠲᠠᠷᠢᠶᠠᠨ ᠭᠠᠵᠠᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠤᠷᠢᠵᠤ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠫᠦ᠋ ᠲᠣᠰᠬᠤᠨ ᠤ ᠲᠥᠮᠥᠰᠥ ᠳᠠᠷᠢᠬᠤ ᠵᠢᠱᠢᠶ᠎ᠡ ᠦᠵᠡᠭᠦᠯᠬᠦ ᠲᠣᠭᠤᠷᠢᠭ ᠲᠤ ︽ᠰᠠᠭᠤᠷᠢ ᠪᠣᠷᠳᠣᠭᠤᠷ ᠦᠭᠡᠢ︾ ᠲᠤᠷᠰᠢᠯᠲᠠ᠂ ᠰᠢᠨ᠎ᠡ ᠬᠡᠯᠪᠡᠷᠢ ᠶᠢᠨ ᠪᠣᠷᠳᠣᠭᠤᠷ ᠲᠠᠢ ᠬᠠᠷᠢᠴᠠᠭᠤᠯᠤᠭᠰᠠᠨ ᠲᠤᠷᠰᠢᠯᠲᠠ ᠬᠢᠵᠦ᠂ ᠲᠤᠷᠰᠢᠯᠲᠠ ᠶᠢᠨ ᠲᠤᠭ᠎ᠠ ᠪᠠᠷᠢᠮᠲᠠ ᠶᠢᠨ ᠣᠨᠣᠪᠴᠢᠲᠠᠶ ᠪᠥᠭᠡᠳ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠪᠠ᠃
     ᠲᠣᠰ ᠤᠳᠠᠭᠠᠨ ᠤ ᠲᠥᠮᠥᠰᠥ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ V7 ᠪᠠ ᠰᠢ ᠰᠧᠨ 6 ᠳ᠋ᠤᠭᠠᠷ ᠨᠣᠮᠧᠷ ᠪᠠᠭᠲᠠᠨ᠎ᠠ᠂ ᠤᠨᠠᠯᠲᠠ ᠶᠢ ᠬᠡᠮᠵᠢᠭᠰᠡᠨ ᠦᠷ᠎ᠡ ᠳ᠋ᠦᠩ ᠠᠴᠠ ᠦᠵᠡᠪᠡᠯ᠂ ᠰᠢ ᠰᠧᠨ 6 ᠳ᠋ᠤᠭᠠᠷ ᠨᠣᠮᠧᠷ ᠲᠤ ᠰᠠᠭᠤᠷᠢ ᠪᠣᠷᠳᠣᠭᠤᠷ ᠪᠠ ᠰᠠᠭᠤᠷᠢ ᠪᠣᠷᠳᠣᠭᠤᠷ ᠦᠭᠡᠢ ᠨᠢ ᠢᠯᠡᠷᠬᠡᠢ ᠵᠥᠷᠢᠶ᠎ᠡ ᠦᠭᠡᠢ ᠮᠥᠷᠲᠡᠭᠡᠨ ᠭᠠᠷᠤᠯᠲᠠ ᠨᠢ 4.5 ᠲᠣᠨ ᠳᠤ ᠬᠦᠷᠴᠦ᠂ ᠪᠥᠬᠦ ᠰᠢᠶᠠᠨ ᠤ ᠨᠢᠭᠡᠴᠢ ᠲᠠᠯᠠᠪᠠᠢ ᠶᠢᠨ ᠳᠤᠮᠳᠠᠴᠢ ᠤᠨᠠᠯᠲᠠ ᠠᠴᠠ ᠬᠤᠯᠠ ᠳᠠᠪᠠᠭᠰᠠᠨ ᠪᠠᠶᠢᠨ᠎ᠠ︔ V7 ᠰᠠᠭᠤᠷᠢ ᠦᠭᠡᠢ ᠪᠣᠷᠳᠣᠭᠤᠷ ᠨᠢ ᠰᠠᠭᠤᠷᠢ ᠪᠣᠷᠳᠣᠭᠤᠷ ᠤᠨ ᠮᠦ ᠪᠦᠷᠢ ᠶᠢᠨ ᠤᠨᠠᠯᠲᠠ ᠠᠴᠠ 0.3 ᠺᠢᠯᠣᠭ᠍ᠷᠠᠮ ᠨᠡᠮᠡᠭᠳᠡᠵᠦ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠵᠤ ᠤᠨᠠᠯᠲᠠ ᠶᠢ ᠨᠡᠮᠡᠭᠳᠡᠭᠦᠯᠬᠦ ᠦᠷ᠎ᠡ ᠪᠦᠲᠦᠮᠵᠢ ᠢᠯᠡᠳᠲᠡ ᠪᠣᠯᠪᠠ᠃
     ᠲᠥᠮᠥᠰᠥᠨ ᠤ ᠲᠠᠷᠢᠶᠠᠨ ᠳᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠮᠠᠨ ᠤ ᠰᠢᠶᠠᠨ ᠤ ᠪᠣᠷᠳᠣᠭᠤᠷ ᠤᠨ ᠠᠰᠢᠭᠯᠠᠯᠲᠠ ᠶᠢᠨ ᠨᠤᠷᠮ᠎ᠠ ᠶᠢᠨ ᠣᠳᠣᠬᠢ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠪᠣᠷᠳᠣᠭᠤᠷ ᠤᠨ ᠮᠡᠷᠭᠡᠵᠢᠯ ᠤᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠲᠠᠷᠢᠮᠠᠯ ᠤᠨ ᠦᠢᠯᠡᠰ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号