ᠬᠥᠬᠡᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠦᠴᠦᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/21
     9 ᠰᠠᠷ᠎ᠠ ᠶᠢᠨ 20 ᠤ ᠡᠳᠦᠷ᠂ ᠬᠥᠬᠡᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠦᠴᠦᠸᠠᠨ ᠰᠢᠶᠠᠨ ᠳᠤ ᠶᠠᠪᠤᠭᠳᠠᠪᠠ᠂ ᠲᠣᠰ ᠤᠳᠠᠭᠠᠨ ᠤ ᠠᠵᠢᠯᠯᠠᠭ᠎ᠠ ᠨᠢ ︽ᠠᠵᠤ ᠠᠬᠤᠢ ᠶᠢᠨ ᠶᠡᠭᠡ ᠨᠡᠶᠢᠳᠡᠮ ᠪᠠᠶᠢᠴᠠᠭᠠᠯᠲᠠ ᠲᠤᠭ᠎ᠠ ᠪᠦᠷᠢᠳᠬᠡᠯ ᠢᠶᠠᠷ ᠰᠢᠨ᠎ᠡ ᠴᠠᠭ ᠦᠶ᠎ᠡ ᠶᠢ ᠥᠭᠦᠯᠡᠬᠦ︾ ᠪᠠᠷ ᠭᠤᠣᠯ ᠰᠡᠳᠦᠪ ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠬᠤ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠬᠡᠬᠤᠲᠠ ᠶᠢᠨ ᠪᠠᠶᠢᠴᠠᠭᠠᠯᠲᠠ ᠶᠢᠨ ᠠᠩᠭᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠩᠭᠢ ᠶᠢᠨ ᠳᠠᠷᠤᠭ᠎ᠠ ᠬᠤ᠋ ᠶᠢᠨ ᠱᠠᠨ ᠵᠢᠴᠢ ᠮᠠᠨ ᠤ ᠰᠢᠶᠠᠨ ᠤ ᠤᠳᠤᠷᠢᠳᠤᠯᠭ᠎ᠠ ᠶᠠᠩ ᠰᠢᠩ ᠱᠧᠩ᠂ ᡁᠢ ᠵᠢᠶᠠᠨ ᠭᠠᠩ᠂ ᠼᠦᠢ ᠵᠧᠨ ᠬᠤᠸᠠ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠭᠤᠣᠯ ᠰᠡᠳᠦᠪᠲᠦ ᠬᠥᠨᠳᠡᠯᠡᠨ ᠪᠢᠴᠢᠭᠡᠰᠦ᠂ ᠤᠬᠠᠭᠤᠯᠭ᠎ᠠ ᠶᠢᠨ ᠰᠠᠮᠪᠠᠷ᠎ᠠ ᠶᠢ ᠨᠠᠷᠢᠨ ᠨᠢᠮᠪᠠᠢ ᠪᠠᠶᠢᠷᠢᠯᠠᠭᠤᠯᠵᠤ᠂ ᠲᠣᠮᠣ ᠳᠡᠯᠭᠡᠴᠡ ᠪᠠᠷ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠲᠦᠮᠡᠨ ᠳᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠵᠣᠷᠢᠯᠭ᠎ᠠ ᠪᠣᠯᠣᠨ ᠠᠴᠢ ᠬᠤᠯᠪᠣᠭᠳᠠᠯ ᠵᠢᠴᠢ ᠨᠡᠶᠢᠳᠡᠮ ᠤᠨ ᠪᠠᠶᠢᠴᠠᠭᠠᠯᠲᠠ ᠶᠢᠨ ᠡᠲᠡᠭᠡᠳ᠂ ᠨᠡᠶᠢᠳᠡᠮ ᠤᠨ ᠪᠠᠶᠢᠴᠠᠭᠠᠯᠲᠠ ᠶᠢᠨ ᠠᠭᠤᠯᠭ᠎ᠠ᠂ ᠨᠡᠶᠢᠳᠡᠮ ᠤᠨ ᠪᠠᠶᠢᠴᠠᠭᠠᠯᠲᠠ ᠶᠢᠨ ᠠᠷᠭ᠎ᠠ ᠮᠠᠶ᠋ᠢᠭ᠂ ᠨᠡᠶᠢᠳᠡᠮ ᠤᠨ ᠪᠠᠶᠢᠴᠠᠭᠠᠯᠲᠠ ᠶᠢᠨ ᠣᠨᠴᠠᠯᠢᠭ ᠵᠡᠷᠭᠡ ᠶᠢ ᠢᠳᠡᠪᠬᠢᠲᠡᠢ ᠤᠬᠠᠭᠤᠯᠵᠤ᠂ ᠲᠤᠭ᠎ᠠ ᠪᠦᠷᠢᠳᠬᠡᠯ ᠪᠣᠯᠣᠨ ᠤᠯᠠᠨ ᠲᠦᠮᠡᠨ ᠤ ᠬᠤᠭᠤᠷᠣᠨᠳᠣᠬᠢ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠨᠠᠩ ᠣᠯᠠᠨ ᠬᠦᠮᠦᠰ ᠲᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠣᠶᠢᠯᠠᠭᠠᠭᠤᠯᠪᠠ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠢᠭᠡ ᠲᠠᠯ᠎ᠠ ᠪᠠᠷ ᠨᠡᠶᠢᠭᠡᠮ ᠨᠡᠶᠢᠲᠡ ᠶᠢᠨ ᠲᠤᠭ᠎ᠠ ᠪᠦᠷᠢᠳᠬᠡᠯ ᠳᠤ ᠣᠷᠣᠯᠴᠠᠬᠤ ᠬᠠᠯᠠᠭᠤᠨ ᠰᠡᠳᠬᠢᠯᠭᠡ ᠪᠠ ᠬᠠᠤᠯᠢ ᠶᠣᠰᠣᠭᠠᠷ ᠪᠦᠷᠢᠳᠬᠡᠬᠦ ᠤᠬᠠᠮᠰᠠᠷ ᠢ ᠨᠡᠮᠡᠭᠳᠡᠭᠦᠯᠵᠦ᠂ ᠨᠥᠭᠦᠭᠡ ᠲᠠᠯ᠎ᠠ ᠪᠠᠷ ᠥᠷᠭᠡᠨ ᠣᠯᠠᠨ ᠲᠦᠮᠡᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢ ᠣᠶᠢᠯᠠᠭᠠᠬᠤ ᠨᠣᠷᠮ᠎ᠠ᠂ ᠣᠷᠣᠯᠴᠠᠬᠤ ᠬᠡᠮᠵᠢᠶ᠎ᠡ ᠪᠠ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ︽ᠬᠥᠮᠥᠨ ᠪᠦᠬᠦᠨ ᠨᠡᠶᠢᠳᠡᠮ ᠪᠠᠶᠢᠴᠠᠭᠠᠯᠲᠠ ᠶᠢ ᠮᠡᠳᠡᠵᠦ᠂  ᠪᠦᠭᠦᠳᠡᠭᠡᠷ ᠢᠶᠠᠨ ᠨᠡᠶᠢᠳᠡᠮ ᠪᠠᠶᠢᠴᠠᠭᠠᠯᠲᠠ ᠳᠤ ᠣᠷᠣᠯᠴᠠᠬᠤ︾ ᠪᠠᠶᠢᠳᠠᠯ ᠢ ᠤᠯᠠᠮ ᠨᠢᠭᠡ ᠠᠯᠬᠤᠮ ᠪᠣᠶ ᠪᠣᠯᠭᠠᠵᠤ᠂ ᠲᠠᠷᠠᠭᠠᠴᠢ ᠶᠢᠨ ᠮᠠᠨ ᠤ ᠰᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
     ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠣᠯ ᠨᠡᠶᠢᠳᠡᠮ ᠪᠠᠶᠢᠴᠠᠭᠠᠯᠲᠠ ᠶᠢ ᠤᠷᠤᠭᠰᠢᠲᠠᠢ ᠶᠠᠪᠤᠭᠳᠠᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠶᠢᠨ ᠴᠢᠬᠤᠯᠠ ᠪᠠᠲᠤᠯᠠᠭ᠎ᠠ ᠪᠣᠯᠣᠨ᠎ᠠ᠃ ᠡᠭᠦᠨ ᠳᠤ ᠦᠴᠦᠸᠠᠨ ᠰᠢᠶᠠᠨ ᠤ ᠬᠢᠨ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠨᠡᠩ ᠴᠢᠬᠤᠯᠠᠴᠢᠯᠠᠨ ᠳᠡᠮᠵᠢᠵᠦ᠂ ᠲᠤᠭ᠎ᠠ ᠪᠦᠷᠢᠳᠬᠡᠯ ᠤᠨ ᠦᠢᠯᠡᠰ ᠤᠨ ᠬᠥᠭᠵᠢᠯᠲᠡ ᠳᠤ ᠬᠠᠮᠤᠭ ᠤᠨ ᠰᠠᠶᠢᠨ ᠣᠷᠴᠢᠨ ᠨᠥᠬᠦᠴᠡᠯ ᠢ ᠪᠤᠶ ᠪᠣᠯᠭᠠᠵᠤ ᠥᠭᠭᠦᠨ᠎ᠡ᠃ ᠪᠥᠬᠦ ᠰᠢᠶᠠᠨ ᠤ ᠡᠯ᠎ᠡ ᠱᠠᠲᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠰᠠᠯᠠᠭ᠎ᠠ ᠮᠥᠴᠢᠷ ᠤᠨ ᠬᠢᠨ ᠲᠤᠭ᠎ᠠ ᠪᠦᠷᠢᠳᠬᠡᠯ ᠤᠨ ᠠᠵᠢᠯ ᠤᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢᠶᠠᠷ ᠬᠥᠲᠥᠯᠥᠮᠵᠢ ᠪᠣᠯᠭᠠᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠣᠯᠠᠨ ︽ᠦᠴᠦᠸᠠᠨ ᠳᠤ ᠬᠤᠪᠢ ᠨᠡᠮᠡᠷᠢ︾ ᠦᠵᠡᠭᠦᠯᠦᠨ᠎ᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠥᠬᠡᠬᠤᠲᠠ ᠶᠢᠨ ᠪᠠᠶᠢᠴᠠᠭᠠᠯᠲᠠ ᠶᠢᠨ ᠠᠩᠭᠢ ᠪᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠵᠦ᠂ ᠦᠴᠦᠸᠠᠨ ᠰᠢᠶᠠᠨ ᠤ ᠪᠠᠶᠢᠴᠠᠭᠠᠯᠲᠠ ᠶᠢᠨ ᠬᠤᠪᠢᠶᠠᠷᠢ ᠲᠥᠪ ᠪᠠ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠠᠭᠠᠭᠠᠴᠢᠯᠠᠨ ᠡᠷᠭᠢᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号