ᠨᠠᠮᠤᠷ ᠤᠨ ᠬᠤᠷᠢᠶᠠᠯᠲᠠ ᠶᠢᠨ ᠤᠯᠠᠷᠢᠯ ᠤᠨ ᠵᠥᠭᠡᠭᠡᠪᠦᠷᠢ ᠶᠢᠨ ᠠᠵᠢᠯ ᠬᠢᠵᠦ ᠪᠠᠶᠢᠭ᠎ᠠ ᠬᠥᠮᠥᠰ ᠤᠨ ᠲᠡᠷᠭᠡ ᠬᠥᠰᠬᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2023/9/21
ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄          ᠣᠶᠢᠷ᠎ᠠ ᠶᠢᠨ ᠬᠤᠭᠤᠴᠠᠭᠠᠨ ᠳᠤ ᠮᠠᠨ ᠤ ᠰᠢᠶᠠᠨ ᠨᠢᠭᠡᠨᠲᠡ ᠨᠠᠮᠤᠷ ᠤᠨ ᠬᠤᠷᠢᠶᠠᠯᠲᠠ ᠶᠢᠨ ᠱᠠᠲᠤᠨ ᠳᠤ ᠣᠷᠣᠵᠤ᠂ ᠵᠥᠭᠡᠭᠡᠪᠦᠷᠢ ᠶᠢᠨ ᠠᠵᠢᠯ ᠬᠢᠵᠦ ᠪᠠᠶᠢᠭ᠎ᠠ ᠬᠥᠮᠥᠰ ᠤᠨ ᠲᠡᠷᠭᠡ ᠬᠥᠰᠬᠡ ᠲᠦᠷᠭᠡᠨ ᠨᠡᠮᠡᠭᠳᠡᠵᠦ᠂ 2023 ᠣᠨ ᠤ ᠨᠠᠮᠤᠷ ᠤᠨ ᠬᠤᠷᠢᠶᠠᠯᠲᠠ ᠶᠢᠨ ᠬᠤᠭᠤᠴᠠᠭᠠᠨ ᠳᠠᠬᠢ ᠰᠢᠶᠠᠨ ᠤ ᠳᠣᠲᠣᠷᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠡᠯ᠎ᠡ ᠰᠢᠶᠠᠩ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠢᠨ ᠲᠤᠰ ᠲᠤᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠨᠠᠮᠤᠷ ᠤᠨ ᠬᠤᠷᠢᠶᠠᠯᠲᠠ ᠶᠢᠨ ᠤᠯᠠᠷᠢᠯ ᠤᠨ ᠲᠡᠷᠭᠡ ᠬᠥᠰᠬᠡ ᠶᠢᠨ ᠠᠵᠢᠯᠯᠠᠭᠠᠨ ᠤ ᠵᠢᠮ᠎ᠡ ᠶᠣᠰᠣ ᠪᠠ ᠣᠨᠴᠠᠯᠢᠭ ᠢ ᠦᠨᠳᠦᠰᠦᠯᠡᠨ᠂ ᠪᠠᠶᠢᠴᠠᠭᠠᠬᠤ ᠤᠳᠠᠭ᠎ᠠ ᠪᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ︽ᠥᠷᠯᠥᠭᠡ ᠦᠳᠡᠰᠢ︾᠂ ︽ᠴᠠᠭ ᠵᠦᠷᠢᠭᠦᠯᠦᠨ︾ ᠵᠠᠮ ᠳᠤ ᠭᠠᠷᠴᠤ ᠪᠠᠶᠢᠴᠠᠭᠠᠬᠤ ᠬᠡᠷᠡᠭᠲᠡᠢ︔ ᠬᠠᠤᠯᠢ ᠬᠡᠷᠡᠭᠵᠢᠭᠦᠯᠬᠦ ᠤᠬᠠᠭᠤᠯᠭ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠥᠮᠥᠨ ᠤ ᠲᠤᠭ᠎ᠠ ᠠᠴᠠ ᠬᠡᠲᠦᠷᠡᠭᠰᠡᠨ᠂ ᠭᠤᠷᠪᠠᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ᠂ ᠲᠠᠷᠢᠶᠠᠯᠠᠩ ᠳᠤ ᠬᠡᠷᠡᠭᠯᠡᠬᠦ ᠲᠡᠷᠭᠡ᠂ ᠪᠠᠷᠠᠭᠠᠨ ᠤ ᠲᠡᠷᠭᠡ ᠬᠠᠤᠯᠢ ᠠᠴᠠ ᠵᠥᠷᠢᠴᠡᠨ ᠬᠥᠮᠥᠨ ᠰᠠᠭᠤᠯᠭᠠᠭᠰᠠᠨ᠂ ᠠᠶᠤᠯᠭᠦᠶ ᠪᠦᠰᠡ ᠪᠦᠰᠡᠯᠡᠭᠰᠡᠨ ᠦᠭᠡᠢ᠂ ᠠᠯᠪᠠ ᠪᠠᠷ ᠲᠡᠷᠭᠡ ᠳᠠᠪᠠᠭ᠋ᠤ ᠲᠡᠷᠭᠡ ᠵᠥᠷᠢᠬᠦ᠂ ᠲᠡᠷᠭᠡᠨ ᠤ ᠪᠠᠶᠢᠳᠠᠯ ᠮᠠᠭᠤ ᠵᠡᠷᠭᠡ ᠨᠠᠮᠤᠷ ᠤᠨ ᠬᠤᠷᠢᠶᠠᠯᠲᠠ ᠶᠢᠨ ᠤᠯᠠᠷᠢᠯ ᠳᠤ ᠪᠠᠶᠢᠩᠭᠤ ᠲᠣᠬᠢᠶᠠᠯᠳᠤᠳᠠᠭ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠴᠢᠩᠭ᠎ᠠ ᠰᠢᠢᠳᠪᠦᠷᠢᠯᠡᠵᠦ᠂ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠲᠡᠷᠭᠡ ᠬᠥᠰᠬᠡ ᠶᠢ ᠲᠡᠷᠭᠡ ᠳᠠᠷᠠᠭᠠᠯᠠᠨ ᠲᠠᠩᠰᠠᠯᠠᠵᠤ᠂ ᠨᠢᠭᠡ ᠨᠢᠭᠡ ᠪᠠᠷ ᠲᠠᠩᠰᠠ ᠡᠪᠬᠡᠮᠡᠯ ᠪᠠᠶᠢᠭᠤᠯᠤᠨ᠂ ᠬᠠᠮᠢᠶᠠᠷᠤᠯᠲᠠ ᠪᠠᠨ ᠴᠢᠩᠭᠠᠷᠠᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠦᠨ᠂ ᠨᠠᠮᠤᠷ ᠤᠨ ᠬᠤᠷᠢᠶᠠᠯᠲᠠ ᠶᠢᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃                        ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ                                       2023 ᠣᠨ ᠤ 9 ᠰᠠᠷ᠎ᠠ ᠶᠢᠨ 15
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号