ᠣᠶᠢᠷ᠎ᠠ ᠳᠤ᠂ ᠵᠠᠷᠢᠮ ᠰᠦᠯᠵᠢᠶ᠎ᠠ ᠠᠰᠢᠬᠯᠠᠬᠴᠢᠳ ᠤᠨ ᠬᠡᠯᠡᠬᠦ ᠪᠠᠷ᠂ ᠪᠡᠭᠡᠵᠢᠩ ᠠᠴᠠ ᠱᠧᠨᠵᠧᠨ ᠬᠦᠷᠬᠦD | 927 ᠬᠡᠪᠲᠡᠬᠦ ᠣᠷᠣ ᠲᠠᠢ ᠬᠤᠷᠳᠣᠨ ᠭᠠᠯᠳᠦ ᠲᠡᠷᠬᠡᠨ ᠤ ᠪᠢᠯᠧᠲ ᠶᠡᠷᠦ ᠶᠢᠨ ᠴᠠᠭ ᠲᠤ 1150 ᠲᠥᠭᠦᠷᠢᠭ | ᠪᠠᠶᠢᠭᠰᠠᠨ ᠪᠣᠯ 9 ᠳ᠋ᠦ᠋ᠭᠡᠷ ᠰᠠᠷ᠎ᠠ ᠶᠢᠨ 28 ᠤ ᠡᠳᠦᠷ ︵ᠤᠯᠤᠰ ᠤᠨ ᠪᠠᠶᠠᠷ ᠤᠨ ᠠᠮᠠᠷᠠᠯᠲᠠ ᠶᠢᠨ ᠡᠮᠦᠨ᠎ᠡ ᠨᠢᠭᠡ | ᠡᠳᠦᠷ︶ ᠤᠨ ᠦᠨ᠎ᠡ ᠨᠢ ᠥᠰᠦᠭᠡᠳ 1860 ᠲᠥᠭᠦᠷᠢᠭ ᠪᠣᠯᠵᠤ᠂ ᠳᠣᠣᠷ᠎ᠠ ᠣᠷᠣ ᠨᠢ 2090 ᠲᠥᠭᠦᠷᠢᠭ | ᠭᠦᠷᠦᠭᠰᠡᠨ ᠪᠠᠶᠢᠨ᠎ᠠ ᠭᠡᠵᠡᠢ᠃ | | ᠡᠨᠡ ᠳᠣᠬᠠᠢ ᠰᠤᠷᠪᠤᠯᠵᠢᠯᠠᠭᠴᠢ 12306 ᠲᠠᠪᠴᠠᠩ ᠠᠴᠠ ᠯᠠᠪᠯᠠᠭᠰᠠᠨ ᠤ ᠳ᠋ᠦᠩ ᠳᠤ᠂ ᠦᠨ᠎ᠡ ᠬᠠᠩᠰᠢ ᠨᠢ | ᠦᠨᠡᠬᠡᠷ ᠲᠣᠭᠲᠠᠪᠤᠷᠢ ᠦᠭᠡᠢ ᠪᠠᠶᠢᠨ᠎ᠠ᠄ 9 ᠳ᠋ᠦ᠋ᠭᠡᠷ ᠰᠠᠷ᠎ᠠ ᠶᠢᠨ 22 ᠤᠨ ᠡᠳᠦᠷ ᠤᠨ ᠦᠨ᠎ᠡ ᠨᠢ 1290 | ᠲᠥᠭᠦᠷᠢᠭ᠂ 9 ᠰᠠᠷ᠎ᠠ ᠶᠢᠨ 23 ᠤ ᠡᠳᠦᠷ ᠠᠴᠠ 9 ᠰᠠᠷ᠎ᠠ ᠶᠢᠨ 25 ᠤ ᠡᠳᠦᠷ ᠪᠣᠯᠲᠠᠯ᠎ᠠ 1150 ᠲᠥᠭᠦᠷᠢᠭ᠂ | 9 ᠰᠠᠷ᠎ᠠ ᠶᠢᠨ 27 ᠤ ᠡᠳᠦᠷ ᠪᠣᠯᠲᠠᠯ᠎ᠠ 1430 ᠲᠥᠭᠦᠷᠢᠭ᠂ 9 ᠰᠠᠷ᠎ᠠ ᠶᠢᠨ 28 ᠤ ᠡᠳᠦᠷ ᠠᠴᠠ 29 ᠤ ᠡᠳᠦᠷ | ᠪᠣᠯᠲᠠᠯ᠎ᠠ 1860 ᠲᠥᠭᠦᠷᠢᠭ᠂ 10 ᠰᠠᠷ᠎ᠠ ᠶᠢᠨ 1 ᠤ ᠡᠳᠦᠷ 1290 ᠲᠥᠭᠦᠷᠢᠭ᠂ 10 ᠰᠠᠷ᠎ᠠ ᠶᠢᠨ 2 ᠤᠨ | ᠡᠳᠦᠷ ᠳᠠᠬᠢᠭᠠᠳ 1150 ᠲᠥᠭᠦᠷᠢᠭ ᠪᠣᠯᠣᠨ ᠪᠠᠭᠤᠷᠠᠵᠦ ᠪᠠᠶᠢᠭ᠎ᠠ ᠶᠢ ᠣᠯᠵᠦ ᠮᠡᠳᠡᠵᠠᠢ᠃ | | 12306 ᠠᠶᠠᠨᠴᠢᠳ ᠤᠨ ᠦᠢᠯᠡᠴᠢᠯᠡᠭᠡᠨ ᠤ ᠬᠢᠨ ᠢᠯᠡᠷᠬᠡᠶᠢᠯᠡᠬᠦ ᠳᠡᠭᠡᠨ᠂ ᠨᠡᠶᠢᠲᠡᠯᠡᠭᠰᠡᠨ ᠪᠢᠯᠧᠲ ᠤᠨ | ᠦᠨ᠎ᠡ ᠶᠢ ᠪᠦᠷ ᠲᠡᠮᠦᠷ ᠵᠠᠮ ᠤᠨ 12306APP ᠳᠤ ᠵᠠᠷᠯᠠᠨ ᠨᠡᠶᠢᠲᠡᠯᠡᠨ᠎ᠡ᠂ ᠪᠢᠯᠧᠲ ᠤᠨ ᠦᠨ᠎ᠡ ᠶᠢ ᠭᠠᠯᠳᠦ | ᠲᠡᠷᠬᠡᠨ ᠤ ᠪᠢᠯᠧᠲ ᠢ ᠰᠢᠯᠭᠠᠨ ᠯᠠᠪᠯᠠᠬᠤ ᠲᠠᠪᠴᠠᠩ ᠳᠤ ᠴᠥᠮ ᠵᠠᠷᠯᠠᠨ ᠨᠡᠶᠢᠲᠡᠯᠡᠨ᠎ᠡ ᠭᠡᠵᠡᠢ᠃ |