ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 109 ᠳ᠋ᠦ᠋ᠭᠡᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/25
     9 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 109 ᠳ᠋ᠦ᠋ᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 4 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︿ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠤᠯᠠᠮᠵᠢᠯᠠᠨ ᠰᠤᠷᠤᠯᠴᠠᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵2022 ︱ 2026 ᠣᠨ︶︾ ᠶᠢ ᠤᠯᠠᠮᠵᠢᠯᠠᠨ ᠰᠤᠷᠤᠯᠴᠠᠪᠠ︔ ᠬᠤᠷᠠᠯ ᠠᠴᠠ ᠮᠠᠨ ᠤ ᠰᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠯᠪᠠᠨ ᠭᠡᠷ ᠤᠨ ᠬᠢᠨ ᠤᠯᠤᠰ ᠲᠦᠷᠦ ᠶᠢ ᠡᠷᠬᠢᠮᠯᠡᠬᠦ ᠥᠨᠳᠥᠷᠴᠡ ᠠᠴᠠ ᠰᠠᠨᠠᠭᠠᠴᠢᠯᠠᠭ᠎ᠠ ᠠᠴᠠ ᠪᠠᠨ ᠲᠦᠷᠦ ᠶᠢᠨ ᠪᠣᠳᠣᠯᠭ᠎ᠠ ᠶᠢ ᠰᠤᠷᠤᠯᠴᠠᠵᠤ᠂ ᠲᠤᠬᠠᠶᠢᠯᠠᠭᠰᠠᠨ ᠠᠵᠢᠯ ᠢ ᠰᠤᠷᠤᠯᠴᠠᠵᠤ᠂ ᠳᠦᠷᠢᠮ ᠢ ᠰᠤᠷᠤᠯᠴᠠᠵᠤ᠂ ᠰᠤᠷᠤᠯᠴᠠᠯᠭ᠎ᠠ ᠶᠢᠨ ᠨᠡᠮᠡᠭᠳᠡᠯ ᠶᠢ ᠠᠯᠪᠠᠨ ᠭᠡᠷ ᠤᠨ ᠬᠡᠷᠡᠭᠯᠡᠬᠦ ᠴᠢᠳᠠᠪᠤᠷᠢ ᠪᠣᠯᠭᠠᠨ ᠬᠤᠪᠢᠷᠠᠭᠤᠯᠬᠤ ᠶᠢ ᠲᠠᠰᠤᠷᠠᠯᠳᠡ ᠦᠭᠡᠢ ᠪᠠᠷᠢᠮᠲᠠᠯᠠᠵᠤ᠂ ᠤᠷᠢᠳᠴᠢᠯᠠᠨ ᠰᠤᠷᠤᠯᠴᠠᠬᠤ᠂ ᠤᠷᠢᠳᠴᠢᠯᠠᠨ ᠣᠶᠢᠯᠠᠭᠠᠬᠤ᠂ ᠤᠷᠢᠳᠴᠢᠯᠠᠨ ᠰᠦᠪᠡᠭᠴᠢᠯᠡᠬᠦ᠂ ᠤᠷᠢᠳᠴᠢᠯᠠᠨ ᠤᠳᠤᠷᠢᠳᠬᠤ᠂ ᠤᠷᠢᠳᠴᠢᠯᠠᠨ ᠠᠵᠢᠯᠯᠠᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠠᠯᠪᠠᠨ ᠭᠡᠷ ᠤᠨ ᠡᠷᠬᠢᠯᠡᠭᠴᠢ ᠨᠢᠭᠡᠴᠡ ᠶᠢᠨ ᠢᠶᠠᠨ ︽ᠶᠡᠷᠦᠩᠬᠡᠢ ᠬᠠᠮᠢᠶᠠᠷᠤᠭᠴᠢ︾ ᠪᠣᠯᠤᠭᠰᠠᠨ ᠤ ᠬᠤᠪᠢ ᠳᠤ᠂ ᠡᠷᠬᠡᠪᠰᠢ ᠳᠦᠷᠢ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠡᠵᠡᠮᠳᠡᠵᠦ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠣᠪᠣᠷ ᠢᠶᠠᠨ ᠲᠥᠪ ᠪᠣᠯᠭᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠲᠡᠮᠳᠡᠭᠯᠡᠵᠦ ᠴᠢᠳᠠᠬᠤ᠂ ᠶᠠᠷᠢᠵᠤ ᠴᠢᠳᠠᠬᠤ᠂ ᠪᠢᠴᠢᠵᠦ ᠴᠢᠳᠠᠬᠤ᠂ ᠪᠤᠳᠤᠵᠤ ᠴᠢᠳᠠᠬᠤ᠂ ᠠᠯᠪᠠᠨ ᠪᠢᠴᠢᠭ ᠢ ᠰᠢᠢᠳᠪᠦᠷᠢᠯᠡᠬᠦ ᠳᠡᠭᠡᠨ ᠭᠤᠣᠯ ᠳᠡᠳ᠋ ᠢ ᠲᠣᠳᠣᠷᠬᠠᠢ ᠪᠠᠶᠢᠯᠭᠠᠵᠤ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠨ᠂ ᠪᠢᠴᠢᠭ ᠮᠠᠲ᠋ᠧᠷᠢᠶᠠᠯ ᠳᠤ ᠵᠠᠳᠠᠯᠤᠯᠲᠠ ᠬᠢᠬᠦ ᠳᠡᠭᠡᠨ ᠨᠠᠷᠢᠯᠢᠭ ᠣᠨᠣᠴᠠᠲᠠᠢ ᠪᠠᠶᠢᠵᠤ᠂ ᠬᠡᠷᠡᠭ ᠶᠠᠪᠤᠳᠠᠯ ᠢ ᠲᠣᠳᠣᠷᠬᠠᠢ ᠮᠡᠳᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠠᠯᠪᠠᠨ ᠪᠢᠴᠢᠭ ᠢ ᠰᠢᠢᠳᠪᠦᠷᠢᠯᠡᠬᠦ ᠶᠠᠪᠤᠴᠠ ᠳᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠠᠯᠪᠠᠨ ᠪᠢᠴᠢᠭ ᠤᠨ ᠶᠠᠰᠤ ᠴᠢᠨᠠᠷ ᠢ ᠳᠡᠭᠡᠭᠰᠢᠯᠡᠭᠦᠯᠵᠦ᠂ ︽ᠥᠴᠥᠬᠡᠨ ᠴᠦ ᠵᠥᠷᠢᠶ᠎ᠡ ᠦᠭᠡᠢ︾ ︽ᠥᠴᠥᠬᠡᠨ ᠴᠦ ᠠᠯᠳᠠᠭ᠎ᠠ ᠦᠭᠡᠢ︾ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠠᠯᠪᠠᠨ ᠪᠢᠴᠢᠭ ᠢ ᠰᠢᠢᠳᠪᠦᠷᠢᠯᠡᠬᠦ ᠠᠵᠢᠯᠯᠠᠭᠠᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠠᠵᠢᠯ ᠤᠨ ᠰᠡᠳᠬᠢᠮᠵᠢ ᠪᠠᠨ ᠰᠢᠨ᠎ᠡ ᠪᠠᠷ ᠡᠭᠦᠳᠴᠦ᠂ ᠠᠵᠢᠯ ᠤᠨ ᠵᠢᠷᠤᠮᠵᠢᠯ ᠢ ᠪᠠᠶᠢᠭᠤᠯᠤᠨ᠂ ᠠᠯᠪᠠᠨ ᠪᠢᠴᠢᠭ ᠢ ᠭᠥᠯᠢᠶᠡᠨ ᠠᠪᠬᠤ᠂ ᠰᠢᠯᠵᠢᠭᠦᠯᠬᠦ᠂ ᠬᠢᠨᠠᠨ ᠭᠠᠷ ᠤᠨ ᠥᠰᠥᠭ ᠵᠢᠷᠤᠬᠤ ᠵᠡᠷᠭᠡ ᠭᠤᠭᠴᠤᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠠᠯᠪᠠᠨ ᠪᠢᠴᠢᠭ ᠤᠨ ᠠᠵᠢᠯᠯᠠᠭᠠᠨ ᠢᠶᠠᠷ ᠮᠠᠨ ᠤ ᠰᠢᠶᠠᠨ ᠤ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠲᠦᠯᠬᠢᠨ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠬᠢᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠳᠠᠷᠤᠢ ᠲᠦᠷᠭᠡᠨ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠬᠠᠷᠠᠯᠲᠠ ᠱᠠᠭᠠᠷᠳᠠᠯᠭ᠎ᠠ ᠳᠤ ᠬᠠᠨᠳᠤᠭᠤᠯᠵᠤ᠂ ︽ᠭᠦᠨᠵᠡᠭᠡᠶᠢᠷᠡᠭᠦᠯᠬᠦ︾ ᠳᠡᠭᠡᠷ᠎ᠡ ᠬᠦᠴᠦ ᠲᠠᠯᠪᠢᠵᠤ᠂ ᠤᠭ ᠵᠣᠬᠢᠶᠠᠯ ᠢ ᠤᠩᠰᠢᠵᠤ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ ᠣᠶᠢᠯᠠᠭᠠᠬᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠬᠤ᠂ ᠡᠳᠦᠷ ᠳᠤᠳᠤᠮ ᠤᠨ ᠰᠤᠷᠤᠯᠴᠠᠯᠭ᠎ᠠ ᠳᠤ ᠠᠭᠤᠰᠤᠯᠴᠠᠬᠤ ᠶᠢ ᠪᠠᠷᠢᠮᠲᠠᠯᠠᠵᠤ᠂ ᠲᠠᠷᠢᠬᠢ ᠲᠣᠯᠣᠭᠠᠢ ᠪᠠᠨ ᠵᠡᠪᠰᠡᠭᠯᠡᠬᠦ ᠤᠨᠤᠯ ᠤᠨ ᠪᠣᠯᠪᠠᠰᠤᠷᠠᠯ ᠢ ᠴᠢᠷᠮᠠᠶᠢᠨ ᠰᠤᠷᠤᠯᠴᠠᠵᠤ᠂ ᠰᠡᠳᠬᠢᠯ ᠳᠡᠭᠡᠨ ᠣᠷᠣᠭᠤᠯᠵᠤ ᠠᠵᠢᠯ ᠳᠠᠭᠠᠨ ᠢᠯᠡᠷᠡᠭᠦᠯᠦᠨ᠂ ᠴᠢᠳᠠᠮᠠᠭᠠᠢ ᠰᠡᠳᠬᠢᠵᠦ ᠴᠢᠳᠠᠮᠠᠭᠠᠢ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠥᠪᠡᠷᠮᠢᠴᠡ ᠦᠵᠡᠯᠲᠡ ᠲᠠᠢ᠂ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠰᠡᠳᠬᠢᠴᠡ ᠠᠷᠭ᠎ᠠ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠷᠢᠯᠳᠦᠭᠦᠯᠵᠦ᠂ ᠪᠣᠳᠠᠲᠠᠢ ᠪᠠᠶᠢᠳᠠᠯ ᠢ ᠪᠠᠶᠢᠴᠠᠭᠠᠵᠤ ᠪᠣᠳᠠᠲᠠᠢ ᠠᠷᠭ᠎ᠠ ᠰᠦᠪᠡᠭᠴᠢᠯᠡᠬᠦ ᠲᠠᠯ᠎ᠠ ᠪᠠᠷ ᠰᠠᠶᠢᠲᠤᠷ ᠳᠠᠭᠠᠭᠤᠯᠤᠨ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠤᠯᠠᠮᠵᠢᠯᠠᠨ ᠰᠤᠷᠤᠯᠴᠠᠪᠠ︔ ᠣᠳᠣᠬᠠᠨ ᠤ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠡᠭᠦᠨ ᠤ ᠬᠠᠮᠲᠤ ᠮᠠᠨ ᠤ ᠰᠢᠶᠠᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠦᠨᠳᠦᠰᠦᠯᠡᠨ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠮᠠᠨ ᠤ ᠰᠢᠶᠠᠨ ᠤ ᠵᠧᠵᠢᠶᠠᠩ ᠤᠨ ︽ᠮᠢᠩᠭᠠᠨ ᠲᠦᠮᠡ ᠶᠢᠨ ᠢᠨᠵᠧᠨᠧᠷᠢᠩ︾  ᠢ ᠰᠤᠷᠤᠯᠴᠠᠨ ᠳᠡᠯᠭᠡᠷᠡᠭᠦᠯᠦᠭᠰᠡᠨ ᠲᠤᠷᠰᠢᠯᠭ᠎ᠠ ᠶᠢ ᠠᠬᠢᠭᠤᠯᠤᠭᠰᠠᠨ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠤᠨ ᠠᠬᠢᠴᠠ ᠵᠢᠴᠢ ᠪᠡᠶᠡᠯᠡᠭᠦᠯᠦᠭᠰᠡᠨ ᠴᠠᠭ ᠤᠨ ᠬᠢᠵᠠᠭᠠᠷ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号