ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 9 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/26
     9 ᠰᠠᠷ᠎ᠠ ᠶᠢᠨ 21 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2023 ᠣᠨ ᠤ 9 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠬᠠᠢ ᠬᠠᠮᠢᠶ᠎ᠠ ᠪᠦᠬᠦᠢ ᠬᠤᠷᠠᠯ᠂ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠮᠡᠳᠡᠭᠳᠡᠯ ︵ᠬᠢᠨᠠᠨ ᠵᠥᠪᠯᠡᠬᠦ ᠨᠣᠣᠷᠠᠭ︶︾  ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠨᠡᠬᠦ ᠭᠤᠣᠯ ᠰᠡᠳᠦᠪ ᠭᠤᠣᠯ ᠰᠢᠵᠢᠮ ᠪᠠ ᠦᠨᠳᠦᠰᠦᠨ ᠡᠭᠦᠷᠭᠡ ᠶᠢ ᠪᠠᠲᠤ ᠡᠵᠡᠮᠰᠢᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠰᠤᠷᠭᠠᠨ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠢᠴᠡᠳ ᠯᠠᠪᠯᠠᠯᠲᠠ ᠪᠣᠯᠭᠠᠨ ᠬᠡᠷᠡᠭᠯᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠵᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠨ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠵᠣᠯᠭᠠᠭᠤᠯᠤᠨ ᠬᠤᠯᠪᠣᠯᠳᠤᠭᠤᠯᠬᠤ ᠶᠢ ᠪᠠᠷᠢᠮᠲᠠᠯᠠᠵᠤ᠂ ᠤᠨᠤᠯ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠣᠷᠭᠠᠨᠢᠭ ᠢᠶᠠᠷ ᠠᠭᠤᠰᠤᠯᠴᠠᠭᠤᠯᠤᠨ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠵᠡᠷᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠦᠨᠡᠨᠬᠦ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号