ᠦᠴᠦᠸᠠᠨ ᠰᠢᠶᠠᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/9/26
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢᠨ ᠲᠥᠯᠥᠭᠡ᠂ ᠦᠴᠦᠸᠠᠨ ᠰᠢᠶᠠᠨ ᠤ ᠨᠠᠮ ᠤᠨ ᠬᠤᠷᠢᠶ᠎ᠠ 9 ᠰᠠᠷ᠎ᠠ ᠶᠢᠨ 22  ᠤᠨ ᠡᠳᠦᠷ ᠠᠴᠠ 24  ᠤ ᠡᠳᠦᠷ ᠪᠣᠯᠲᠠᠯ᠎ᠠ᠂ ᠭᠤᠷᠪᠠᠨ ᠡᠳᠦᠷ ᠤᠨ ᠴᠠᠭ ᠢ ᠠᠰᠢᠭᠯᠠᠵᠤ᠂ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠬᠢᠯᠡᠪᠡ᠃ ᠦᠴᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠢ ᠡᠷᠬᠡᠯᠡᠨ ᠶᠠᠷᠢᠶ᠎ᠠ ᠲᠠᠯᠪᠢᠪᠠ᠃
     ᠨᠣᠮ ᠤᠩᠰᠢᠬᠤ ᠠᠩᠭᠢ ᠶᠢ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠨᠣᠮ ᠤᠩᠰᠢᠬᠤ᠂ ᠰᠤᠷᠤᠯᠭ᠎ᠠ ᠶᠢ ᠵᠢᠯᠣᠭᠤᠳᠤᠨ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠭᠤᠯᠤᠨ᠎ᠠ᠃ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠨᠣᠮ ᠤᠩᠰᠢᠬᠤ ᠠᠩᠭᠢ ᠳᠤ ᠣᠷᠣᠯᠴᠠᠭᠰᠠᠨ ᠨᠥᠬᠦᠳ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠪᠣᠯᠣᠨ ᠣᠷᠣᠨ ᠨᠤᠲᠤᠭ ᠤᠨ ᠣᠶᠢᠯᠠᠯᠭ᠎ᠠ ᠶᠢᠨ ᠰᠤᠳᠤᠯᠭᠠᠨ ᠤ ᠲᠠᠰᠤᠭ ᠤᠨ ᠫᠷᠤᠹᠥᠰᠰᠤᠷ ᠯᠢ ᠬᠤᠩ ᠤᠨ ︽ᠨᠠᠮ ᠤᠨ ᠤᠨᠤᠯ ᠤᠨ ᠰᠢᠨ᠎ᠡ ᠡᠭᠦᠳᠦᠯᠲᠡ ᠪᠠᠷ ᠵᠡᠪᠰᠡᠭᠯᠡᠬᠦ ᠶᠢ ᠴᠢᠩᠭᠠᠳᠬᠠᠵᠤ ᠰᠢᠨ᠎ᠡ ᠠᠶᠠᠨ ᠵᠠᠮ ᠳᠤ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠬᠦᠴᠦᠨ ᠴᠢᠳᠠᠯ ᠢᠶᠠᠨ ᠨᠢᠭᠲᠠᠷᠠᠭᠤᠯᠤᠶ᠎ᠠ︾ ᠭᠡᠬᠦ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠨᠠᠮ ᠤᠨ ᠤᠨᠤᠯ ᠤᠨ ᠰᠢᠨ᠎ᠡ ᠡᠭᠦᠳᠦᠯᠲᠡ ᠪᠠᠷ ᠵᠡᠪᠰᠡᠭᠯᠡᠬᠦ ᠶᠢ ᠴᠢᠩᠭᠠᠳᠬᠠᠬᠤ ᠳᠤ ᠶᠠᠭᠤᠨ ᠤ ᠲᠥᠯᠥᠭᠡ ᠰᠤᠷᠤᠯᠴᠠᠬᠤ᠂ ᠶᠠᠭᠤ ᠶᠢ ᠰᠤᠷᠤᠯᠴᠠᠬᠤ᠂ ᠶᠠᠭᠠᠬᠢᠵᠤ ᠰᠤᠷᠤᠯᠴᠠᠬᠤ ᠵᠡᠷᠭᠡ ᠭᠤᠷᠪᠠᠨ ᠲᠠᠯ᠎ᠠ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠡᠷᠬᠢᠨ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠲᠤᠬᠠᠢ ᠲᠠᠶᠢᠯᠤᠮᠵᠢ ᠬᠢᠪᠡ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠣᠣ ᠸᠧᠢ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠢᠨ ᠲᠣᠭᠤᠷᠢᠨ ᠳᠤ ᠰᠤᠷᠤᠯᠭ᠎ᠠ ᠶᠢ ᠬᠥᠲᠥᠯᠥᠨ ᠵᠢᠯᠣᠭᠤᠳᠤᠭᠰᠠᠨ ᠪᠥᠭᠡᠳ ᠬᠤᠲᠠ ᠶᠢᠨ ᠨᠠᠮ ᠤᠨ ᠬᠤᠷᠢᠶ᠎ᠠ ᠶᠢᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ︽ᠠᠵᠢᠯ ᠤᠨ ᠲᠥᠰᠥᠯ︾ ᠪᠠ ᠰᠢᠶᠠᠨ ᠤ ᠨᠠᠮ ᠤᠨ ᠬᠤᠷᠢᠶ᠎ᠠ ᠶᠢᠨ ︽ᠠᠵᠢᠯ ᠤᠨ ᠲᠥᠰᠥᠯ︾ ᠳᠤ ᠲᠠᠶᠢᠯᠤᠮᠵᠢ ᠬᠢᠪᠡ᠃ ᠡᠨᠡ ᠬᠤᠭᠤᠴᠠᠭᠠᠨ ᠳᠤ ᠣᠯᠠᠨ ᠢᠶᠠᠷ ᠢᠶᠠᠨ ᠰᠡᠳᠬᠢᠯ ᠢᠶᠠᠨ ᠲᠠᠯᠪᠢᠭᠤᠨ ᠪᠠᠶᠢᠯᠭᠠᠵᠤ᠂ ᠤᠭ ᠪᠦᠲᠦᠭᠡᠯ ᠢ ᠤᠩᠰᠢᠵᠤ᠂ ᠤᠭ ᠵᠣᠬᠢᠶᠠᠯ ᠢ ᠰᠤᠷᠴᠤ᠂ ᠤᠭ ᠶᠣᠰᠣ ᠶᠢ ᠣᠶᠢᠯᠭᠠᠪᠠ᠃ ︽ᠰᠢ ᠶᠢᠨ ᠫᠢᠩ ᠤᠨ ᠵᠣᠬᠢᠶᠠᠯ  ᠤᠨ ᠰᠣᠩᠭᠤᠮᠠᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠤ ᠲᠡᠭᠦᠪᠦᠷᠢ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪᠲᠤ ᠲᠡᠭᠦᠪᠦᠷᠢ︾᠂ ︽ᠰᠢ ᠶᠢᠨ ᠫᠢᠩ ᠤᠨ ᠪᠠᠶᠢᠴᠠᠭᠠᠨ ᠰᠤᠳᠤᠯᠤᠯᠲᠠ ᠬᠢᠬᠦ ᠲᠤᠬᠠᠢ ᠥᠭᠦᠯᠡᠯᠲᠡ ᠶᠢᠨ ᠲᠡᠭᠦᠪᠦᠷᠢ︾ ᠵᠡᠷᠭᠡ ᠰᠤᠷᠤᠯᠴᠠᠬᠤ ᠮᠠᠲᠧᠷᠢᠶᠠᠯ ᠢ ᠭᠤᠣᠯᠳᠠᠯᠭ᠎ᠠ ᠲᠠᠢ ᠰᠤᠳᠤᠯᠤᠨ ᠤᠩᠰᠢᠪᠠ᠃ ᠡᠨᠡᠬᠦ ᠰᠠᠭᠤᠷᠢᠨ ᠳᠡᠭᠡᠷ᠎ᠡ᠂ ᠰᠢ ᠶᠢᠨ ᠫᠢᠩ  ᠤᠨ ᠠᠵᠤ ᠠᠬᠤᠢ ᠶᠢᠨ ᠦᠵᠡᠯ ᠰᠠᠨᠠᠭ᠎ᠠ ᠪᠣᠯᠣᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠲᠤᠰ ᠲᠤᠰ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ ᠰᠤᠳᠤᠯᠵᠤ ᠶᠠᠷᠢᠯᠴᠠᠨ ᠰᠣᠯᠢᠯᠴᠠᠪᠠ᠃ ᠶᠢᠨ ᠱᠣᠣ ᠯᠢᠨ᠂ ᠶᠠᠩ ᠶᠦᠩ ᠭᠠᠩ᠂ ᠯᠢ ᠮᠢᠨ᠂ ᡁᠢ ᠵᠢᠶᠠᠨ ᠭᠠᠩ᠂ ᠯᠢᠦᠢ ᠪᠢᠶᠣᠣ᠂ ᠼᠦᠢ ᠵᠧᠨ ᠬᠤᠸᠠ᠂ ᠯᠢ ᠳ᠋ᠧᠩ ᠬᠤᠩ᠂ ᠰᠦᠥᠸ᠋ ᠶᠦᠩ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢᠨ ᠲᠤᠬᠠᠢ ᠡᠵᠡᠮᠳᠡᠯ ᠢᠶᠠᠨ ᠭᠦᠨᠵᠡᠭᠡᠶᠢᠷᠡᠭᠦᠯᠵᠦ᠂ ᠡᠨᠡᠬᠦ ᠴᠢᠬᠤᠯᠠ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠤ᠂ ︽ᠬᠤᠶᠠᠷ ᠢ ᠲᠣᠭᠲᠠᠭᠠᠭᠰᠠᠨ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠤᠯᠠᠮ ᠴᠢᠨᠠᠭᠰᠢᠳᠠ ᠪᠠᠲᠤᠳᠬᠠᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠨᠢᠭᠡᠨᠲᠡ ᠪᠦᠬᠦ ᠲᠠᠯ᠎ᠠ ᠪᠠᠷ ᠦᠷᠨᠢᠭᠦᠯᠪᠡ᠂ ᠡᠭᠦᠨ ᠳᠤ ︽ᠦᠵᠡᠯ ᠰᠠᠨᠠᠭ᠎ᠠ ᠶᠢ ᠰᠤᠷᠤᠯᠴᠠᠬᠤ︾ ᠪᠣᠯ ᠲᠡᠷᠢᠭᠦᠨ ᠴᠢᠬᠤᠯᠠ ᠶᠠᠪᠤᠳᠠᠯ ᠮᠥᠨ᠂ ᠶᠡᠷᠦᠩᠬᠡᠢ ᠱᠠᠭᠠᠷᠳᠠᠯᠭ᠎ᠠ ᠮᠦᠨ᠂ ᠪᠠᠰᠠ ᠴᠤ ᠢᠮᠠᠭᠲᠠ ᠲᠤᠭᠤᠰᠢᠯᠠᠭᠤᠯᠬᠤ ᠭᠤᠣᠯ ᠰᠢᠵᠢᠮ ᠮᠥᠨ᠂ ᠪᠢᠳᠡ ᠤᠨᠤᠯ ᠢᠶᠠᠷ ᠵᠡᠪᠰᠡᠭᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠰᠡᠳᠬᠢᠯ ᠳᠡᠭᠡᠨ ᠰᠢᠩᠭᠡᠭᠡᠬᠦ᠂ ᠬᠤᠪᠢᠷᠠᠭᠤᠯᠬᠤ ᠠᠵᠢᠯ ᠢ ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠰᠠᠭᠤᠷᠢ ᠶᠢ ᠵᠠᠰᠠᠨ ᠡᠬᠢ ᠶᠢ ᠴᠡᠭᠴᠡᠯᠡᠵᠦ᠂  ᠰᠠᠭᠤᠷᠢ ᠶᠢ ᠪᠠᠬᠢᠵᠢᠭᠦᠯᠦᠨ ᠦᠨᠳᠦᠰᠦ ᠶᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ︽ᠬᠤᠶᠠᠷ ᠢ ᠲᠣᠭᠲᠠᠭᠠᠭᠰᠠᠨ︾  ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ︽ᠶᠠᠭᠤ ᠶᠢ ᠰᠤᠷᠤᠯᠴᠠᠬᠤ︾ ᠶᠢ ᠲᠣᠳᠣᠷᠬᠠᠢ ᠪᠣᠯᠭᠠᠵᠤ᠂ ᠪᠠᠶᠢᠩᠭᠤ ᠰᠤᠷᠤᠯᠴᠠᠵᠤ ᠪᠠᠶᠢᠩᠭᠤ ᠰᠢᠨ᠎ᠡ ᠶᠢ ᠡᠭᠦᠳᠬᠦ ᠳᠤᠮᠳᠠ ᠮᠠᠷᠺᠰ ᠤᠨ ᠦᠵᠡᠯ ᠤᠨ ᠡᠷᠳᠡᠮ ᠴᠢᠳᠠᠪᠤᠷᠢ ᠶᠢ ᠰᠤᠷᠴᠤ ᠡᠵᠡᠮᠰᠢᠬᠦ ᠬᠡᠷᠡᠭᠲᠡᠢ᠃ ︽ᠶᠠᠭᠠᠬᠢᠵᠤ ᠰᠤᠷᠤᠯᠴᠠᠬᠤ︾ ᠶᠢ ᠲᠣᠳᠣᠷᠬᠠᠶᠢᠯᠠᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠳᠤᠮᠳᠠ ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠠᠭᠤᠯᠤᠭᠳᠠᠵᠤ ᠪᠠᠶᠢᠭ᠎ᠠ ᠰᠢᠨᠵᠢᠯᠡᠬᠦ ᠤᠬᠠᠭᠠᠨᠴᠢ ᠠᠷᠭ᠎ᠠ ᠶᠢ ᠤᠳᠤᠷᠢᠳᠬᠤ ᠺᠠᠳ᠋ᠷ ᠤᠨ ᠰᠡᠳᠬᠢᠬᠦᠢ ᠶᠢᠨ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭᠲᠡᠢ᠃ ︽ᠶᠠᠭᠠᠬᠢᠵᠤ ᠬᠢᠬᠦ︾ ᠶᠢ ᠲᠣᠳᠣᠷᠬᠠᠶᠢᠯᠠᠵᠤ᠂ ᠰᠤᠷᠤᠯᠴᠠᠯᠭ᠎ᠠ ᠪᠠᠷ ᠬᠡᠷᠡᠭᠯᠡᠬᠦ ᠶᠢ ᠠᠬᠢᠭᠤᠯᠬᠤ ᠳᠤᠮᠳᠠ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃      ᠶᠠᠩ ᠰᠢᠩ ᠱᠧᠩ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠥᠪᠥᠷ ᠮᠣᠩᠭᠤᠯ ᠤᠨ  ᠬᠠᠭᠤᠳᠠᠰᠤ︾᠂ ︽ᠦᠨᠳᠦᠰᠦᠲᠡᠨ  ᠤ ᠬᠠᠭᠤᠳᠠᠰᠤ︾ ᠶᠢ ᠴᠢᠬᠤᠯᠠ ᠠᠭᠤᠯᠭ᠎ᠠ ᠪᠣᠯᠭᠠᠨ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠶᠢᠯᠠᠭᠠᠵᠤ᠂ ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ ᠭᠤᠷᠪᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠡ ᠠᠵᠤ ᠦᠢᠯᠡᠰ ᠤᠨ ᠰᠠᠭᠤᠷᠢᠨ ᠭᠠᠵᠠᠷ︾ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠵᠤ ᠦᠢᠯᠡᠰ ᠢᠶᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ︽ᠵᠢᠷᠭᠤᠭᠠᠨ ᠰᠢᠨ᠎ᠡ ᠦᠴᠦᠸᠠᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠯᠠᠨ ᠢ ᠨᠡᠩ ᠰᠠᠶᠢᠨ ᠠᠮᠢᠳᠤᠷᠠᠭᠤᠯᠬᠤ ᠪᠠᠷ ᠦᠨᠳᠦᠰᠦᠨ ᠦᠷᠳᠡᠭ ᠤᠨ ᠬᠠᠨᠳᠤᠰᠢ ᠪᠠ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠵᠤ ᠬᠦᠰᠡᠵᠦ ᠰᠠᠨᠠᠭᠰᠠᠨ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠳᠠᠯ ᠢᠶᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠰᠣᠶᠣᠯ︾ ᠢ ᠰᠤᠳᠤᠯᠤᠨ ᠲᠠᠶᠢᠯᠪᠤᠷᠢᠯᠠᠬᠤ ᠪᠠ ᠤᠬᠠᠭᠤᠯᠤᠨ ᠳᠡᠯᠭᠡᠷᠡᠭᠦᠯᠬᠦ ᠶᠢ ᠭᠦᠨᠵᠡᠭᠡᠶᠢᠷᠡᠭᠦᠯᠵᠦ᠂ ᠦᠴᠦᠸᠠᠨ ᠤ ︽ᠤᠮᠠᠷᠠᠲᠤ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ︽ᠤᠮᠠᠷᠠᠲᠤ ᠶᠢᠨ ᠰᠣᠶᠣᠯ︾ ᠤᠨ ᠦᠴᠦᠸᠠᠨ ᠰᠢᠶᠠᠨ ᠳᠠᠬᠢ ᠠᠭᠤᠯᠤᠭᠳᠠᠬᠤᠨ ᠪᠠ ᠠᠭᠤᠯᠬᠤᠨ ᠢ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号