ᠬᠠᠤᠯᠢᠵᠢᠯ ᠤᠨ ᠳᠤᠯᠠᠭᠠᠨ ᠤ ᠬᠡᠮᠵᠢᠶ᠎ᠡ ᠪᠠᠷ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠠᠶᠢᠭᠤᠯᠤᠯᠲᠠ ᠶᠢ ᠠᠬᠢᠭᠤᠯᠵᠤ ᠰᠠᠶᠢᠨ ᠰᠠᠶᠢᠬᠠᠨ ᠠᠮᠢᠳᠤᠷᠠᠯ ᠢ ᠨᠡᠩ ᠬᠠᠶᠢᠷ᠎ᠠ ᠬᠠᠯᠠᠮᠵᠢ ᠲᠠᠢ ᠪᠣᠯᠭᠠᠶ᠎ᠠ
ᠨᠡᠶᠢᠲᠡᠯᠡᠭᠰᠡᠨ ᠴᠠᠭ᠄
2023/9/27
     ︽ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠤᠯᠢ︾ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠡᠮᠳᠡᠭᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ︽ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢ ᠲᠥᠪᠯᠡᠷᠡᠭᠦᠯᠦᠨ ᠤᠬᠠᠭᠤᠯᠬᠤ ᠪᠠ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠬᠤ ᠬᠡᠯᠪᠡᠷᠢ ᠪᠠᠷ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠷᠭ᠎ᠠ︾᠂ ︽ᠵᠡᠮᠳᠡᠭᠴᠦᠳ ᠤᠨ ᠪᠠᠶᠢᠩᠭᠤ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢᠨ ᠭᠠᠷ ᠳᠡᠪᠲᠡᠷ︾ ᠵᠡᠷᠭᠡ ᠤᠬᠠᠭᠤᠯᠬᠤ ᠮᠠᠲ᠋ᠧᠷᠢᠶᠠᠯ ᠢ ᠲᠠᠷᠬᠠᠭᠠᠬᠤ ᠪᠠᠷ ᠳᠠᠮᠵᠢᠭᠤᠯᠤᠨ᠂ ᠣᠯᠠᠨ ᠲᠦᠮᠡᠨ ᠳᠤ ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ ᠦᠭᠡᠢ ᠥᠭᠡᠷᠡᠴᠢᠯᠡᠯᠲᠡ ᠬᠢᠬᠦ ᠲᠠᠯ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠪᠠ᠃      ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠰᠢᠶᠠᠨ ᠤ ᠵᠡᠮᠳᠡᠭᠴᠦᠳ ᠤᠨ ᠬᠤᠯᠪᠣᠭ᠎ᠠ ︽ᠪᠠᠷᠢᠮᠵᠢᠶᠠᠵᠢᠭᠤᠯᠬᠤ᠂ ᠬᠡᠷᠡᠭᠯᠡᠭᠡᠵᠢᠭᠦᠯᠬᠦ︾ ᠵᠠᠷᠴᠢᠮ ᠶᠣᠰᠣᠭᠠᠷ᠂ ᠵᠡᠮᠳᠡᠭᠴᠦᠳ ᠤᠨ ᠲᠥᠷᠥᠯ ᠢᠯᠭᠠᠯ᠂ ᠵᠡᠷᠭᠡ ᠳᠡᠰ᠂ ᠭᠡᠷ ᠪᠦᠯᠢ ᠶᠢᠨ ᠣᠷᠴᠢᠨ ᠲᠣᠭᠤᠷᠢᠨ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠪᠥᠬᠦ ᠰᠢᠶᠠᠨ ᠳᠤ 9 ᠣᠯᠠᠨ ᠨᠡᠶᠢᠲᠡ ᠶᠢᠨ ᠲᠠᠯᠠᠪᠤᠷ ᠤᠨ ᠬᠠᠷᠰᠢ ᠰᠠᠭᠠᠳ ᠦᠭᠡᠢ ᠲᠥᠬᠦᠭᠡᠷᠦᠮᠵᠢ᠂ 70 ᠭᠠᠷᠤᠢ ᠭᠡᠷ ᠪᠦᠯᠢ ᠶᠢᠨ ᠬᠠᠷᠰᠢ ᠰᠠᠭᠠᠳ ᠦᠭᠡᠢ ᠲᠥᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠠᠷ ᠥᠭᠡᠷᠡᠴᠢᠯᠡᠨ ᠥᠭᠴᠦ᠂ ᠵᠡᠮᠳᠡᠭᠴᠦᠳ ᠤᠨ ᠭᠡᠷ ᠪᠦᠯᠢ ᠶᠢ ᠬᠠᠪᠰᠤᠷᠤᠨ ᠶᠠᠪᠤᠵᠤ ᠰᠠᠭᠤᠬᠤ ᠨᠥᠬᠦᠴᠡᠯ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠨᠢ ᠰᠠᠶᠢᠵᠢᠷᠠᠭᠤᠯᠵᠤ᠂ ᠠᠮᠢᠳᠤᠷᠠᠯ ᠤᠨ ᠶᠠᠰᠤ ᠴᠢᠨᠠᠷ ᠢ ᠨᠢ ᠦᠨᠡᠨ ᠬᠦ ᠳᠡᠭᠡᠭᠰᠢᠯᠡᠭᠦᠯᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号