ᠦᠴᠦᠸᠠᠨ ᠰᠢᠶᠠᠨ ᠤ ᠶᠠᠨ ᠭᠦ᠋ ᠹᠠᠩ ︽ᠬᠡᠷᠡᠭᠯᠡᠭᠡ ᠪᠠᠷ ᠲᠠᠷᠢᠶᠠᠯᠠᠩ ᠢ ᠲᠤᠰᠠᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠲᠥᠮᠥᠰᠥ ᠮᠠᠯᠲᠠᠬᠤ ᠤᠷᠤᠯᠳᠤᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/9/27
     ᠠᠯᠲᠠᠨ ᠨᠠᠮᠤᠷ ᠤᠨ ᠶᠢᠰᠦᠨ ᠰᠠᠷ᠎ᠠ ᠳᠤ᠂ ᠲᠠᠷᠢᠶᠠᠴᠢᠳ ᠤᠨ ᠡᠯᠪᠡᠭ ᠬᠤᠷᠢᠶᠠᠯᠲᠠ ᠶᠢ ᠪᠡᠯᠡᠭᠯᠡᠵᠦ᠂ ᠦᠴᠦᠸᠠᠨ ᠰᠢᠶᠠᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠵᠦ᠂ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ ᠬᠦᠴᠦᠷᠬᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠶ ᠪᠤᠯᠭᠠᠬᠤ ᠶᠢᠨ ᠲᠥᠯᠥᠭᠡ᠂ ᠣᠶᠢᠷ᠎ᠠ ᠳᠤ᠂ ᠶᠠᠨ ᠬᠥ᠋ ᠹᠠᠩ ᠤᠨ ᠵᠠᠬᠢᠶᠠᠯᠠᠭ᠎ᠠ ᠶᠢᠨ ᠲᠠᠷᠢᠶᠠᠯᠠᠩ ︵ᠳᠤᠮᠳᠠᠳᠤ ᠤᠯᠤᠰ︶ ᠤᠨ ᠪᠦᠯᠦᠭᠯᠡᠯ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠨᠠᠨ ᠱᠠ ᠲᠠᠨ ᠳᠤ ᠨᠢᠭᠡ ᠤᠳᠠᠭᠠᠨ ᠤ ᠮᠠᠰᠢ ᠰᠣᠨᠢᠷᠬᠠᠯᠲᠠᠢ ︽ᠲᠥᠮᠥᠰᠥ ᠮᠠᠯᠲᠠᠬᠤ ᠤᠷᠤᠯᠳᠤᠭᠠᠨ︾ ᠡᠷᠭᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠡᠷᠡᠭᠯᠡᠭᠡ ᠪᠠᠷ ᠲᠠᠷᠢᠶᠠᠯᠠᠩ ᠢ ᠲᠤᠰᠠᠯᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠪᠠ᠃
     ᠶᠠᠨ ᠬᠦ᠋ ᠹᠠᠩ ᠪᠦᠯᠦᠭᠯᠡᠯ ᠤᠨ ᠬᠢᠨ 340 ᠰᠢᠬᠠᠮ ᠦᠢᠯᠡᠴᠢᠯᠡᠭᠳᠡᠬᠦ ᠡᠷᠦᠬᠡ ᠶᠢ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠢᠷᠡᠵᠦ ᠲᠥᠮᠥᠰᠥ ᠮᠠᠯᠲᠠᠵᠤ᠂ ᠬᠡᠷᠡᠭᠯᠡᠭᠡ ᠪᠠᠷ ᠲᠠᠷᠢᠶᠠᠯᠠᠩ ᠢ ᠲᠤᠰᠠᠯᠠᠬᠤ ᠶᠢᠨ ᠬᠠᠮᠲᠤ ᠲᠡᠳᠡᠨ ᠳᠤ ᠬᠥᠳᠡᠯᠮᠦᠷᠢᠯᠡᠬᠦ ᠶᠢᠨ ᠪᠠᠶᠠᠷ ᠪᠠᠭ᠋ᠠᠳᠤᠯ ᠢ ᠪᠡᠶ᠎ᠡ ᠪᠠᠷ ᠢᠶᠠᠨ ᠣᠶᠢᠯᠠᠭᠠᠭᠤᠯᠵᠤ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠮᠡᠳᠡᠷᠡᠭᠦᠯᠪᠡ᠃
     ᠡᠨᠡ ᠤᠳᠠᠭᠠᠨ ᠤ ᠠᠵᠢᠯᠯᠠᠭ᠎ᠠ ᠨᠢ ᠲᠠᠷᠢᠶᠠᠴᠢᠨ ᠡᠷᠦᠬᠡ ᠶᠢ ᠬᠠᠪᠰᠤᠷᠤᠨ ᠲᠡᠭᠦᠵᠦ ᠴᠤᠭᠯᠠᠭᠤᠯᠬᠤ ᠪᠠ ᠬᠡᠷᠡᠭᠯᠡᠬᠦ ᠬᠥᠮᠥᠨ ᠴᠥᠭᠡᠨ ᠪᠠᠶᠢᠬᠤ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ ᠪᠠᠰᠠ ᠲᠥᠮᠥᠰᠥ ᠶᠢᠨ ᠪᠣᠷᠣᠯᠠᠭᠤᠯᠤᠯᠲᠠ ᠶᠢᠨ ᠠᠰᠠᠭᠤᠳᠠᠯ ᠢ ᠰᠢᠢᠳᠪᠦᠷᠢᠯᠡᠨ ᠥᠭᠪᠡ᠂ ᠡᠨᠡ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠠᠰᠢᠭᠲᠠᠢ ᠶᠤᠮ᠃ ᠡᠭᠦᠨ ᠤ ᠬᠠᠮᠲᠤ ᠲᠥᠮᠥᠰᠥ ᠪᠠᠷ ᠵᠠᠭᠤᠴᠢᠯᠠᠭᠤᠷ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ ᠢ ᠪᠦᠲᠦᠭᠡᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠲᠠᠷᠢᠶᠠᠯᠠᠬᠤ ᠰᠣᠶᠣᠯ ᠢ ᠤᠯᠠᠮ ᠴᠢᠨᠠᠭᠰᠢᠳᠠ ᠤᠯᠠᠮᠵᠢᠯᠠᠨ ᠪᠠᠳᠠᠷᠠᠭᠤᠯᠬᠤ ᠶᠢᠨ ᠬᠠᠮᠲᠤ ᠦᠴᠦᠸᠠᠨ ᠰᠢᠶᠠᠨ ᠤ ︽ᠵᠤᠭᠠᠴᠠᠯ + ᠬᠥᠳᠡᠭᠡ ᠠᠵᠤ ᠠᠬᠤᠢ︾ ᠶᠢᠨ ᠠᠵᠤ ᠦᠢᠯᠡᠰ ᠤᠨ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠤᠯᠠᠮ ᠴᠢᠨᠠᠭᠰᠢᠳᠠ ᠳᠠᠶᠢᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号