ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠴᠢᠦᠢ ᠵᠢᠶᠠᠨ ᠬᠤᠸᠠ ᠮᠠᠨ ᠤ ᠰᠢᠶᠠᠨ ᠳᠤ ᠬᠦᠷᠴᠦ ᠰᠤᠷᠭᠠᠨ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠬᠤ ᠶᠢᠨ ᠬᠠᠮᠲᠤ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠶᠢᠨ ᠲᠥᠯᠥᠭᠡ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2023/9/27
     2023 ᠣᠨ ᠤ 9 ᠰᠠᠷ᠎ᠠ ᠶᠢᠨ 25 ᠤ ᠡᠳᠦᠷ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ᠂ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠵᠢᠶᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ᠂ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶ ᠰᠤᠷᠭᠠᠨ ᠬᠥᠮᠦᠵᠢᠯ ᠤᠨ ᠪᠦᠯᠦᠭᠯᠡᠯ ᠤᠨ ᠶᠡᠷᠦᠩᠬᠡᠢ ᠵᠠᠬᠢᠷᠤᠯ ᠴᠢᠦᠢ ᠵᠢᠶᠠᠨ ᠬᠤᠸᠠ ᠮᠠᠨ ᠤ ᠰᠢᠶᠠᠨ ᠳᠤ ᠬᠦᠷᠴᠦ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠤᠭᠰᠠᠨ ᠪᠥᠭᠡᠳ ᠬᠠᠮᠲᠤᠷᠠᠨ ᠡᠷᠭᠢᠯᠡᠭᠰᠡᠨ ᠬᠤᠯᠪᠣᠭᠳᠠᠯ ᠪᠦᠬᠦᠢ ᠰᠤᠷᠭᠠᠭᠤᠯᠢ ᠶᠢᠨ ᠫᠠᠶᠢᠰᠠ ᠶᠢ ᠰᠡᠬᠦᠪᠡ᠃
     9 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠰᠤᠷᠭᠠᠭᠤᠯᠢ ᠶᠢᠨ ᠵᠠᠬᠢᠷᠤᠯ ᠴᠢᠦᠢ ᠵᠢᠶᠠᠨ ᠬᠤᠸᠠ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠠᠵᠢᠯ ᠤᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠵᠤ᠂ ᠪᠦᠯᠦᠭᠯᠡᠯ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠬᠠᠤᠯᠢ ᠶᠢᠨ ᠡᠷᠬᠡᠲᠡᠨ ᠤ ᠰᠤᠷᠭᠠᠭᠤᠯᠢ ᠶᠢᠨ ᠵᠠᠬᠢᠷᠤᠯ᠂ ᠰᠤᠷᠭᠠᠭᠤᠯᠢ ᠶᠢᠨ ᠵᠠᠬᠢᠷᠤᠯ ᠤᠨ ᠠᠵᠢᠯ ᠢ ᠬᠡᠷᠡᠭᠵᠢᠭᠦᠯᠦᠭᠰᠡᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠨᠢᠮᠪᠠᠢ ᠰᠣᠨᠣᠰᠪᠠ᠃ ᠴᠢᠦᠢ ᠵᠢᠶᠠᠨ ᠬᠤᠸᠠ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠢᠲᠡᠭᠡᠯ ᠵᠣᠷᠢᠭ ᠢ ᠳᠡᠭᠡᠳᠦ ᠬᠡᠮᠵᠢᠶ᠎ᠡ ᠪᠠᠷ ᠦᠨᠡᠯᠡᠵᠦ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠬᠠᠮᠲᠤᠷᠠᠨ ᠰᠤᠷᠭᠠᠭᠤᠯᠢ ᠡᠷᠭᠢᠯᠡᠬᠦ ᠠᠵᠠ ᠲᠣᠬᠢᠶᠠᠯ ᠢ ᠨᠠᠨᠳᠢᠩᠨᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠵᠣᠬᠢᠴᠠᠯᠳᠤᠬᠤ ᠬᠤᠭᠤᠴᠠᠭ᠎ᠠ ᠶᠢ ᠪᠣᠭᠤᠨᠢᠰᠬᠠᠨ᠂ ᠨᠡᠶᠢᠯᠡᠮᠡᠯ ᠬᠦᠴᠦᠨ ᠢ ᠲᠦᠷᠭᠡᠨ ᠪᠦᠷᠢᠯᠳᠦᠭᠦᠯᠵᠦ᠂ ᠬᠠᠮᠤᠭ ᠤᠨ ᠣᠬᠤᠷ ᠬᠤᠭᠤᠴᠠᠭᠠᠨ ᠳᠤ ᠵᠢᠱᠢᠭᠰᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ︔ ᠡᠯ᠎ᠡ ᠰᠤᠷᠭᠠᠭᠤᠯᠢ ᠶᠢᠨ ᠬᠥᠭᠵᠢᠯᠲᠡ ᠶᠢᠨ ᠰᠠᠭᠤᠷᠢ ᠶᠢ ᠬᠦᠨᠳᠦᠳᠬᠡᠭᠰᠡᠨ ᠤᠷᠢᠲᠠᠯ ᠳᠣᠣᠷ᠎ᠠ᠂ ᠪᠦᠬᠦ ᠲᠠᠯ᠎ᠠ ᠪᠠᠷ ᠡᠮᠬᠢᠯᠡᠵᠦ᠂ ᠢᠳᠡᠪᠬᠢᠲᠡᠢ ᠪᠠᠷ ᠲᠥᠯᠥᠪᠵᠢᠭᠦᠯᠵᠦ᠂ ᠪᠦᠬᠦᠯᠢ ᠴᠣᠭᠴᠠ ᠪᠠᠷ ᠪᠠᠶᠢᠭᠤᠯᠵᠤ᠂ ᠬᠠᠮᠢᠶᠠᠷᠤᠯᠲᠠ ᠶᠢᠨ ᠲᠦᠪᠰᠢᠨ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠰᠤᠷᠭᠠᠭᠤᠯᠢ ᠡᠷᠬᠢᠯᠡᠬᠦ ᠣᠨᠴᠠᠯᠢᠭ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠵᠠᠭᠤᠨ ᠵᠢᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ ᠭᠡᠵᠡᠢ᠃      ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠣᠯᠣᠨ ᠰᠤᠷᠭᠠᠭᠤᠯᠢ ᠶᠢᠨ ᠵᠠᠬᠢᠷᠤᠯ ᠴᠢᠦᠢ ᠵᠢᠶᠠᠨ ᠬᠤᠸᠠ ᠬᠠᠮᠲᠤ ᠪᠠᠷ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠵᠢᠶᠠᠨ ᠬᠤᠸᠠ ᠲᠤᠷᠰᠢᠯᠲᠠ ᠶᠢᠨ ᠰᠤᠷᠭᠠᠭᠤᠯᠢ ᠶᠢᠨ ᠫᠠᠶᠢᠰᠠ ᠶᠢ ᠰᠡᠬᠦᠪᠡ᠃ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠵᠢᠶᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠨᠢ ᠪᠡᠭᠡᠵᠢᠩ ᠶᠡᠭᠡ ᠰᠤᠷᠭᠠᠭᠤᠯᠢ ᠪᠠᠷ ᠠᠷᠤ ᠦᠵᠡᠭᠳᠡᠯ ᠪᠣᠯᠭᠠᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠵᠢᠭᠠᠨ ᠰᠤᠷᠭᠠᠯᠲᠠ ᠶᠢᠨ ᠡᠬᠢ ᠪᠠᠶᠠᠯᠢᠭ᠂ ᠲᠡᠷᠢᠭᠦᠨ ᠤ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠲᠠᠢ ᠪᠠᠶᠢᠳᠠᠭ᠂ ᠦᠴᠦᠸᠠᠨ ᠰᠢᠶᠠᠨ ᠤ ᠭᠤᠷᠪᠠᠨ ᠳᠤᠮᠳᠠᠳᠤ ᠰᠤᠷᠭᠠᠭᠤᠯᠢ ᠳᠤ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠵᠢᠶᠠᠨ ᠬᠤᠸᠠ ᠲᠤᠷᠰᠢᠯᠲᠠ ᠶᠢᠨ ᠰᠤᠷᠭᠠᠭᠤᠯᠢ ᠶᠢᠨ ᠨᠠᠷᠠᠲᠤ ᠲᠡᠮᠳᠡᠭ ᠢ ᠨᠡᠮᠡᠵᠦ ᠡᠯᠭᠦᠭᠰᠡᠨ ᠤ ᠳᠠᠷᠠᠭ᠎ᠠ᠂ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠵᠢᠶᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠳᠤ ᠲᠦᠰᠢᠭᠯᠡᠨ᠂ ᠮᠠᠨ ᠤ ᠰᠢᠶᠠᠨ ᠤ ᠡᠯ᠎ᠡ ᠰᠤᠷᠤᠯᠭ᠎ᠠ ᠶᠢᠨ ᠱᠠᠲᠤ᠂ ᠡᠯ᠎ᠡ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ᠂ ᠬᠠᠮᠢᠶᠠᠷᠤᠯᠲᠠ ᠶᠢᠨ ᠬᠢᠷᠢ ᠲᠦᠪᠰᠢᠨ ᠤ ᠬᠤᠣᠰ ᠰᠢᠪᠲᠤᠯᠤᠯᠲᠠ ᠶᠢ ᠪᠥᠬᠦ ᠲᠠᠯ᠎ᠠ ᠪᠠᠷ ᠬᠥᠲᠥᠯᠥᠨ ᠳᠠᠭᠠᠭᠤᠯᠬᠤ ᠪᠣᠯᠣᠨ᠎ᠠ᠃ ᠪᠥᠬᠦ ᠰᠢᠶᠠᠨ ᠤ ᠳᠥᠷᠪᠡᠨ ᠪᠠᠭ᠎ᠠ ᠰᠤᠷᠭᠠᠭᠤᠯᠢ᠂ ᠬᠤᠶᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠪᠠᠷ ᠦᠴᠦᠸᠠᠨ ᠰᠢᠶᠠᠨ ᠤ ᠵᠢᠶᠠᠨ ᠬᠤᠸᠠ ︵ᠪᠡᠭᠡᠵᠢᠩ︶  ᠶᠢᠨ ᠰᠤᠷᠭᠠᠨ ᠬᠥᠮᠦᠵᠢᠯ ᠤᠨ ᠪᠦᠯᠦᠭᠯᠡᠯ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠵᠢᠭᠠᠨ ᠰᠤᠳᠤᠯᠬᠤ ᠰᠠᠭᠤᠷᠢᠨ ᠭᠠᠵᠠᠷ ᠤᠨ ᠫᠠᠶᠢᠰᠠ ᠶᠢ ᠨᠡᠮᠡᠵᠦ ᠡᠯᠭᠦᠨ᠎ᠡ᠃      ᠳᠠᠷᠠᠭ᠎ᠠ ᠶᠢᠨ ᠠᠯᠬᠤᠮ ᠳᠤ᠂ ᠦᠴᠦᠸᠠᠨ ᠰᠢᠶᠠᠨ ᠤ ᠬᠢᠨ ᠪᠡᠭᠡᠵᠢᠩ ᠤᠨ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠶᠢᠷᠡᠭᠦᠯᠵᠦ᠂ ᠨᠡᠶᠢᠰᠯᠡᠯ ᠤᠨ ᠰᠢᠯᠢᠳᠡᠭ ᠡᠬᠢ ᠪᠠᠶᠠᠯᠢᠭ ᠢ ᠭᠦᠢᠴᠡᠳ ᠠᠰᠢᠭᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠭᠤᠷᠪᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠭᠤᠷᠪᠠᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠬᠠᠯᠠᠭᠤᠨ ᠳᠤᠯᠠᠭᠠᠨ᠂ ᠴᠢᠨᠠᠷ ᠰᠠᠶᠢᠲᠠᠢ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号