ᠦᠴᠦᠸᠠᠨ ᠰᠢᠶᠠᠨ ᠤ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/9/27
     9 ᠰᠠᠷ᠎ᠠ ᠶᠢᠨ 26  ᠤ ᠡᠳᠦᠷ᠂ ᠦᠴᠦᠸᠠᠨ ᠰᠢᠶᠠᠨ ᠤ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃
     ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠨᠠᠷ ᠪᠡᠭᠡᠵᠢᠩ ᠤᠨ ᠸᠠᠩ ᠺᠦ᠋ ᠬᠤᠤ ᠳ᠋ᠠᠨ ᠫᠢᠨ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠠᠩ ᠬᠠᠢ ᠪᠥᠸᠧ ᠨᠠᠷ ᠲᠠᠢ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠶᠠᠷᠢᠯᠴᠠᠨ ᠰᠣᠯᠢᠯᠴᠠᠪᠠ᠃ ᠸᠠᠩ ᠬᠠᠢ ᠪᠥᠸᠧ ᠲᠦᠷᠦᠯ ᠵᠦᠢᠯ ᠤᠨ ᠰᠢᠢᠳᠪᠦᠷᠢᠯᠡᠭᠰᠡᠨ ᠠᠰᠠᠭᠤᠳᠠᠯ᠂ ᠡᠭᠦᠳᠦᠭᠰᠡᠨ ᠦᠷᠳᠡᠭ᠂ ᠪᠡᠶᠡᠯᠡᠭᠦᠯᠬᠦ ᠠᠷᠭ᠎ᠠ ᠵᠠᠮ᠂ ᠠᠰᠢᠭ ᠣᠯᠬᠤ ᠵᠠᠭᠪᠤᠷ᠂ ᠠᠬᠢᠭᠤᠯᠬᠤ ᠠᠷᠭ᠎ᠠ ᠬᠡᠯᠪᠡᠷᠢ ᠵᠡᠷᠭᠡ ᠲᠠᠪᠤᠨ ᠶᠡᠭᠡ ᠠᠭᠤᠯᠭ᠎ᠠ ᠵᠢᠴᠢ ᠲᠦᠷᠦᠯ ᠵᠦᠢᠯ ᠤᠨ ᠴᠢᠨᠠᠭᠰᠢᠳᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠭᠤᠷᠢᠨ ᠳᠤ ᠪᠦᠬᠦ ᠲᠠᠯ᠎ᠠ ᠶᠢᠨ ᠲᠠᠨᠢᠯᠴᠠᠭᠤᠯᠭ᠎ᠠ ᠬᠢᠵᠡᠢ᠃      ᠶᠠᠩ ᠰᠢᠩ ᠱᠧᠩ ᠸᠠᠩ ᠬᠠᠢ ᠪᠥᠸᠧ ᠨᠠᠷ ᠤᠨ ᠮᠠᠨ ᠤ ᠰᠢᠶᠠᠨ ᠳᠤ ᠢᠷᠡᠵᠦ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠬᠢᠭᠰᠡᠨ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠪᠠᠶᠢᠭᠤᠯᠤᠭᠳᠠᠭᠰᠠᠨ ᠨᠢ ᠮᠠᠨ ᠤ ᠰᠢᠶᠠᠨ ᠤ ︽ᠬᠤᠶᠠᠷ ᠪᠤᠭᠤᠳᠠᠢ ᠨᠢᠭᠡ ᠲᠥᠮᠥᠰᠥ︾ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠳᠠᠷᠠᠭᠠᠴᠢ ᠶᠢᠨ ᠠᠯᠬᠤᠮ ᠳᠤ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠵᠣᠬᠢᠴᠠᠭᠤᠯᠤᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠲᠦᠷᠦᠯ ᠵᠦᠢᠯ ᠤᠨ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠢ ᠮᠠᠨ ᠤ ᠰᠢᠶᠠᠨ ᠳᠤ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ᠂ ᠮᠠᠨ ᠤ ᠰᠢᠶᠠᠨ ᠲᠤᠰ ᠤᠳᠠᠭ᠎ᠠ ᠶᠢᠨ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠺᠣᠮᠫᠠᠨᠢ ᠲᠠᠢ ᠨᠡᠩ ᠨᠢᠭᠲᠠ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠡᠭᠦᠨ ᠤ ᠤᠯᠠᠮ ᠢᠶᠠᠷ ᠦᠴᠦᠸᠠᠨ ᠰᠢᠶᠠᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠡᠭᠡᠷᠡᠬᠢ ᠠᠵᠢᠯᠯᠠᠭ᠎ᠠ ᠳᠤ ᠣᠷᠣᠯᠴᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号