ᠦᠴᠦᠸᠠᠨ ᠰᠢᠶᠠᠨ ︽ᠬᠤᠣᠰ ᠪᠠᠶᠠᠷ︾ ᠤᠨ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠡᠵᠡᠮᠳᠡᠬᠦ ᠭᠠᠯ ᠰᠡᠷᠭᠡᠶᠢᠯᠡᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/9/28
     ︽ᠬᠤᠣᠰ ᠪᠠᠶᠠᠷ︾ ᠤᠳᠠᠯ ᠦᠭᠡᠢ ᠬᠦᠷᠴᠦ ᠢᠷᠡᠬᠦ ᠲᠠᠰᠢᠷᠠᠮ ᠳᠤ᠂ ᠮᠠᠨ ᠤ ᠰᠢᠶᠠᠨ ᠤ ᠭᠠᠯ ᠰᠡᠷᠭᠡᠶᠢᠯᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠣᠯᠠᠨ ᠲᠦᠮᠡᠨ ᠤ ᠪᠠᠶᠠᠷ ᠳᠤᠷᠠᠰᠬᠠᠯ ᠤᠨ ᠡᠳᠦᠷ ᠢᠶᠠᠨ ᠠᠮᠤᠷ ᠲᠠᠶᠢᠪᠤᠩ ᠢᠶᠠᠷ ᠥᠩᠭᠡᠷᠡᠭᠦᠯᠬᠦ ᠳᠤ ᠨᠢᠭᠡᠨ ᠰᠠᠶᠢᠨ ᠰᠠᠶᠢᠬᠠᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠮᠤᠷ ᠲᠦᠪᠰᠢᠨ ᠤ ᠣᠷᠴᠢᠨ ᠨᠥᠬᠦᠴᠡᠯ ᠢ ᠬᠠᠩᠭᠠᠬᠤ ᠶᠢᠨ ᠲᠥᠯᠥᠭᠡ᠂ ᠦᠴᠦᠸᠠᠨ ᠰᠢᠶᠠᠨ ᠤ ᠭᠠᠯ ᠰᠡᠷᠭᠡᠶᠢᠯᠡᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ ᠰᠢᠶᠠᠨ ᠤ ᠳᠣᠲᠣᠷᠠᠬᠢ ᠭᠤᠣᠯᠳᠠᠯᠭ᠎ᠠ ᠲᠠᠢ ᠲᠠᠯᠠᠪᠤᠷ ᠲᠤ ᠳᠠᠬᠢᠨᠲᠠ ᠭᠠᠯ ᠰᠡᠷᠭᠡᠶᠢᠯᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠬᠦ ᠶᠢᠨ ᠬᠠᠮᠲᠤ ᠬᠤᠨᠤᠭ ᠪᠠᠭᠤᠳᠠᠯ᠂ ᠦᠢᠯᠡᠳᠪᠦᠷᠢᠯᠡᠯ᠂ ᠬᠠᠳᠠᠭᠠᠯᠠᠯᠲᠠ᠂ ᠡᠵᠡᠩᠨᠡᠯᠲᠡ ᠶᠢᠨ ᠲᠠᠯᠠᠪᠤᠷ ᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠡᠷᠭᠢᠵᠦ ᠦᠵᠡᠬᠦ︾ ᠠᠵᠢᠯᠯᠠᠭ᠎ᠠ ᠥᠷᠨᠢᠭᠦᠯᠪᠡ᠃
     ᠠᠵᠢᠯᠲᠠᠳ ᠰᠣᠨᠣᠰᠬᠤ᠂ ᠠᠰᠠᠭᠤᠬᠤ᠂ ᠪᠠᠶᠢᠴᠠᠭᠠᠬᠤ ᠬᠡᠯᠪᠡᠷᠢ ᠪᠠᠷ ᠭᠠᠯ ᠰᠡᠷᠭᠡᠶᠢᠯᠡᠨ ᠭᠠᠯ ᠤᠨᠲᠠᠷᠠᠭᠠᠬᠤ ᠠᠶᠤᠯᠭᠦᠢ ᠶᠢᠨ ᠪᠠᠭᠠᠵᠢ ᠬᠡᠷᠡᠭᠰᠡᠯ ᠨᠢ ᠡᠪᠳᠡᠷᠡᠵᠦ ᠰᠦᠢᠳᠦᠭᠰᠡᠨ ᠡᠰᠡᠬᠦ᠂ ᠬᠤᠭᠤᠴᠠᠭ᠎ᠠ ᠨᠢ ᠥᠩᠭᠡᠷᠡᠭᠰᠡᠨ ᠡᠰᠡᠬᠦ᠂ ᠴᠠᠬᠢᠯᠭᠠᠨ ᠤᠲᠠᠰᠤ ᠶᠢ ᠳᠤᠷ᠎ᠠ ᠪᠠᠷ ᠢᠶᠠᠨ ᠲᠠᠲᠠᠵᠤ ᠳᠤᠷ᠎ᠠ ᠪᠠᠷ ᠢᠶᠠᠨ ᠵᠠᠯᠭᠠᠭᠰᠠᠨ ᠡᠰᠡᠬᠦ᠂ ᠡᠳ᠋ ᠪᠠᠷᠠᠭ᠎ᠠ ᠶᠢ ᠣᠪᠣᠭᠠᠯᠠᠨ ᠲᠠᠯᠪᠢᠭᠰᠠᠨ ᠨᠢ ᠭᠠᠯ ᠰᠡᠷᠭᠡᠶᠢᠯᠡᠨ ᠭᠠᠯ ᠤᠨᠲᠠᠷᠠᠭᠠᠬᠤ ᠠᠶᠤᠯᠭᠦᠢ ᠶᠢᠨ ᠲᠣᠭᠲᠠᠭᠠᠯ ᠳᠤ ᠨᠡᠶᠢᠴᠡᠵᠦ ᠪᠠᠶᠢᠬᠤ ᠡᠰᠡᠬᠦ᠂ ᠳᠡᠯᠭᠡᠭᠦᠷ ᠲᠤ ᠬᠥᠮᠥᠨ ᠰᠠᠭᠤᠵᠤ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠷ ᠪᠠᠶᠢᠴᠠᠭᠠᠪᠠ᠃ ᠬᠦᠷᠦᠭᠰᠡᠨ ᠭᠠᠵᠠᠷ ᠪᠣᠯᠭᠠᠨ ᠳᠤ ᠠᠵᠢᠯᠲᠠᠳ ᠴᠥᠮ ᠡᠯ᠎ᠡ ᠡᠵᠡᠩᠨᠡᠯᠲᠡ ᠶᠢᠨ ᠡᠷᠦᠬᠡ ᠲᠠᠢ ︽ᠭᠠᠯ ᠰᠡᠷᠭᠡᠶᠢᠯᠡᠨ ᠭᠠᠯ ᠤᠨᠲᠠᠷᠠᠭᠠᠬᠤ ᠠᠶᠤᠯᠭᠦᠢ ᠶᠢᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠬᠤ ᠶᠢᠨ ᠬᠠᠮᠲᠤ ᠠᠰᠢᠭ ᠬᠤᠣᠷ ᠤᠨ ᠬᠠᠷᠢᠴᠠᠭ᠎ᠠ ᠶᠢ ᠲᠣᠳᠣᠷᠬᠠᠢ ᠶᠠᠷᠢᠵᠤ᠂ ᠭᠠᠯ ᠰᠡᠷᠭᠡᠶᠢᠯᠡᠨ ᠭᠠᠯ ᠤᠨᠲᠠᠷᠠᠭᠠᠬᠤ ᠠᠶᠤᠯᠭᠦᠢ ᠶᠢᠨ ᠪᠠ ᠴᠠᠬᠢᠯᠭᠠᠨ ᠬᠡᠷᠡᠭᠯᠡᠬᠦ ᠠᠶᠤᠯᠭᠦᠢ ᠶᠢᠨ ᠠᠵᠢᠯ ᠢ ᠰᠠᠶᠢᠲᠤᠷ ᠬᠢᠬᠦ ᠶᠢ ᠱᠠᠭᠠᠷᠳᠠᠪᠠ᠃ ᠪᠠᠶᠢᠴᠠᠭᠠᠯᠲᠠ ᠶᠢᠨ ᠳᠤᠮᠳᠠ᠂ ᠬᠡᠰᠡᠭ ᠵᠡᠭᠡᠯᠢ ᠳᠠᠭᠠᠤ ᠶᠢᠨ ᠳᠡᠯᠭᠡᠭᠦᠷ ᠫᠦᠰᠡ ᠪᠠ ᠵᠤᠭ᠎ᠠ ᠴᠡᠩᠭᠡᠯ ᠤᠨ ᠭᠠᠵᠠᠷ ᠲᠤ ᠴᠥᠮ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠬᠦᠷᠦᠯᠴᠡᠬᠦ ᠦᠭᠡᠢ᠂ ᠠᠶᠤᠯᠭᠦᠢ ᠶᠢᠨ ᠡᠭᠦᠳᠡ ᠳᠤᠲᠠᠮᠠᠭ᠂ ᠠᠮᠤᠷ ᠲᠦᠪᠰᠢᠨ ᠤ ᠲᠠᠷᠬᠠᠭᠠᠯᠲᠠ ᠶᠢᠨ ᠵᠢᠭᠠᠯᠲᠠ ᠲᠡᠮᠳᠡᠭ ᠳᠤᠲᠠᠮᠠᠭ᠂ ᠠᠵᠢᠯᠲᠠᠨ ᠠᠵᠢᠯᠴᠢᠨ ᠤ ᠭᠠᠯ ᠰᠡᠷᠭᠡᠶᠢᠯᠡᠨ ᠭᠠᠯ ᠤᠨᠲᠠᠷᠠᠭᠠᠬᠤ ᠤᠬᠠᠮᠰᠠᠷ ᠪᠠᠭᠤᠷᠠᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠠᠵᠢᠯᠲᠠᠳ ᠣᠯᠵᠤ ᠮᠡᠳᠡᠭᠰᠡᠨ ᠠᠰᠠᠭᠤᠳᠠᠯ ᠳᠤ ᠲᠡᠷᠡ ᠳᠠᠷᠤᠢ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ   ᠢ ᠮᠥᠷᠳᠡᠨ ᠣᠶᠢᠯᠠᠭᠠᠵᠤ᠂ ᠡᠵᠡᠩᠨᠡᠭᠴᠢᠳ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃
     ᠲᠣᠰ ᠤᠳᠠᠭᠠᠨ ᠤ ᠭᠠᠯ ᠰᠡᠷᠭᠡᠶᠢᠯᠡᠨ ᠭᠠᠯ ᠤᠨᠲᠠᠷᠠᠭᠠᠬᠤ ᠠᠶᠤᠯᠭᠦᠢ ᠶᠢᠨ ᠪᠠᠶᠢᠴᠠᠭᠠᠯᠲᠠ ᠪᠠᠷ ᠳᠠᠮᠵᠢᠭᠠᠳ ᠰᠢᠶᠠᠨ ᠤ ᠳᠣᠲᠣᠭᠠᠳᠤ ᠳᠤ ᠣᠷᠣᠰᠢᠵᠤ ᠮᠡᠳᠡᠬᠦ ᠠᠶᠤᠯᠭᠦᠢ ᠶᠢᠨ ᠲᠠᠯᠳᠠ ᠭᠡᠮ ᠢ ᠠᠷᠢᠯᠭᠠᠵᠤ᠂ ᠰᠢᠶᠠᠨ ᠤ ᠳᠣᠲᠣᠭᠠᠳᠤ ᠶᠢᠨ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ᠂ ᠨᠢᠭᠡᠴᠢ ᠶᠢᠨ ᠬᠠᠷᠢᠭᠤᠴᠠᠯᠭᠠᠲᠠᠨ ᠤ ᠭᠠᠯ ᠰᠡᠷᠭᠡᠶᠢᠯᠡᠨ ᠭᠠᠯ ᠤᠨᠲᠠᠷᠠᠭᠠᠬᠤ ᠠᠶᠤᠯᠭᠦᠢ ᠶᠢᠨ ᠤᠬᠠᠮᠰᠠᠷ ᠢ ᠳᠡᠭᠡᠭᠰᠢᠯᠡᠭᠦᠯᠦᠭᠰᠡᠨ ᠤ ᠬᠠᠮᠲᠤ ᠪᠠᠰᠠ ᠮᠠᠨ ᠤ ᠰᠢᠶᠠᠨ ᠤ ᠭᠠᠯ ᠰᠡᠷᠭᠡᠶᠢᠯᠡᠨ ᠭᠠᠯ ᠤᠨᠲᠠᠷᠠᠭᠠᠬᠤ ᠠᠶᠤᠯᠭᠦᠢ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠪᠦᠬᠦ ᠰᠢᠶᠠᠨ ᠤ ᠠᠷᠠᠳ ᠤᠯᠠᠨ ᠤ ᠪᠠᠶᠠᠷ ᠳᠤᠷᠠᠰᠬᠠᠯ ᠤᠨ ᠡᠳᠦᠷ ᠢ ᠰᠡᠳᠬᠢᠯ ᠠᠮᠤᠷ ᠥᠩᠭᠡᠷᠡᠭᠦᠯᠬᠦ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号