ᠦᠴᠦᠸᠠᠨ ᠰᠢᠶᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/28
     ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠬᠡᠮᠵᠢᠶ᠎ᠡ ᠶᠢ ᠲᠦᠷᠭᠡᠳᠬᠡᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠦᠴᠦᠯᠡᠨ ᠪᠣᠶᠢᠵᠢᠭᠤᠯᠵᠤ᠂ ᠮᠠᠨ ᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠤᠷᠳᠤᠴᠠ ᠶᠢ ᠲᠦᠷᠭᠡᠳᠬᠡᠨ ᠲᠡᠰ ᠳᠡᠪᠰᠢᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 25  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠳᠡᠳ᠋ ᠳᠠᠷᠤᠭ᠎ᠠ ᠼᠦᠢ ᠵᠧᠨ ᠬᠤᠸᠠ ᠬᠤᠷᠠᠯ ᠳᠤ ᠣᠷᠣᠯᠴᠠᠪᠠ᠃      ᠬᠤᠷᠠᠯ ᠳᠤ ᠣᠷᠣᠯᠴᠠᠭᠰᠠᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠣᠰ ᠠᠵᠤ ᠠᠬᠤᠶᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ᠂ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠰᠣᠨᠣᠰᠤᠭᠰᠠᠨ ᠤ ᠳᠠᠷᠠᠭ᠎ᠠ ᠬᠠᠳᠠ ᠵᠢᠭᠠᠵᠤ ᠭᠠᠷᠭᠠᠭᠰᠠᠨ ᠨᠢ᠂ ᠨᠢᠭᠡ ᠳᠤ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠨᠡᠪᠲᠡᠷᠡᠯᠴᠡᠭᠡ ᠶᠢ ᠰᠠᠶᠢᠲᠤᠷ ᠬᠢᠬᠦ ᠬᠡᠷᠡᠭᠲᠡᠢ᠃ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠬᠤᠭᠤᠷᠣᠨᠳᠤ ᠪᠠᠨ ᠠᠳᠠᠯᠢ ᠴᠢᠭᠯᠡᠯ ᠢᠶᠠᠷ ᠤᠷᠤᠭᠰᠢᠯᠠᠵᠤ᠂ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠲᠠᠢ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠬᠤᠶᠠᠷ ᠲᠤ ᠠᠵᠤ ᠠᠬᠤᠶᠢᠯᠠᠯ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠵᠤ ᠠᠬᠤᠶᠢᠯᠠᠯ ᠤᠨ ᠬᠢᠨ ᠤᠭ ᠦᠨᠳᠦᠰᠦ ᠶᠢ ᠡᠷᠢᠵᠦ᠂ ᠵᠢᠷᠤᠮᠵᠢᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠡᠵᠡᠩᠨᠡᠯᠲᠡ ᠶᠢᠨ ᠢᠲᠡᠭᠡᠮᠵᠢ ᠶᠢ ᠴᠢᠬᠤᠯᠠᠴᠢᠯᠠᠵᠤ᠂ ᠬᠥᠭᠵᠢᠯᠲᠡ ᠶᠢᠨ ᠢᠲᠡᠭᠡᠯ ᠢᠶᠠᠨ ᠪᠠᠲᠤᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠨ ᠳᠡᠭᠡᠭᠰᠢᠯᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠮᠠᠨ ᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠭᠤᠷᠪᠠ ᠳᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠮᠠᠨ ᠤ ᠰᠢᠶᠠᠨ ᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠡᠮᠬᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠬᠤᠷᠢᠶᠠᠵᠤ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠵᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号