ᠦᠴᠦᠸᠠᠨ ᠰᠢᠶᠠᠨ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠡᠭᠦᠳᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/28
     9 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠡᠭᠦᠳᠬᠦ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠦᠴᠦᠸᠠᠨ ᠰᠢᠶᠠᠨ ᠤ ︿ᠤᠮᠠᠷᠠᠲᠤ ᠬᠢᠯᠢ ᠶᠢᠨ ᠰᠣᠶᠣᠯ﹀ ᠤᠨ ᠨᠡᠷᠡᠳᠦ ᠲᠡᠮᠳᠡᠭ ᠢ ᠡᠭᠦᠳᠬᠦ ᠠᠵᠢᠯ ᠤᠨ ᠲᠥᠰᠥᠯ︾  ᠢ ᠰᠣᠨᠣᠰᠴᠤ᠂ ᠳᠠᠷᠠᠭ᠎ᠠ ᠨᠢ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠡᠷᠳᠡᠮᠲᠡᠳ ᠮᠠᠨ ᠤ ᠰᠢᠶᠠᠨ ᠤ ᠪᠣᠳᠠᠲᠠᠢ ᠪᠠᠶᠢᠳᠠᠯ ᠠᠴᠠ ᠡᠭᠦᠰᠴᠦ᠂ ᠤᠯᠠᠨ ᠤ ᠤᠬᠠᠭᠠᠨ ᠢ ᠲᠥᠪᠯᠡᠷᠡᠭᠦᠯᠵᠦ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠦᠴᠦᠸᠠᠨ ᠰᠢᠶᠠᠨ ᠤ ︿ᠤᠮᠠᠷᠠᠲᠤ ᠬᠢᠯᠢ ᠶᠢᠨ ᠰᠣᠶᠣᠯ﹀ ᠤᠨ ᠨᠡᠷᠡᠳᠦ ᠲᠡᠮᠳᠡᠭ ᠢ ᠡᠭᠦᠳᠬᠦ ᠳᠤ ᠠᠷᠭ᠎ᠠ ᠤᠬᠠᠭᠠᠨ ᠭᠠᠷᠭᠠᠵᠤ᠂ ᠬᠦᠴᠦᠨ ᠴᠢᠳᠠᠯ ᠢᠶᠠᠨ ᠬᠤᠷᠠᠮᠳᠤᠭᠤᠯᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ︽ᠤᠮᠠᠷᠠᠲᠤ ᠬᠢᠯᠢ ᠶᠢᠨ ᠰᠣᠶᠣᠯ︾ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠥᠪᠥᠷ ᠮᠣᠩᠭᠤᠯ ᠤᠨ ᠣᠨᠴᠠ ᠴᠢᠨᠠᠷ ᠪᠦᠬᠦᠢ ᠣᠷᠣᠨ ᠪᠦᠰᠡ ᠶᠢᠨ ᠴᠢᠨᠠᠷᠲᠠᠢ ᠰᠣᠶᠣᠯ ᠤᠨ ᠨᠠᠷᠠᠲᠤ ᠲᠡᠮᠳᠡᠭ ᠮᠥᠨ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠡᠭᠦᠳᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ ᠢᠮᠠᠭᠲᠠ ᠠᠩᠬᠠᠷᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ︽ᠤᠮᠠᠷᠠᠲᠤ ᠬᠢᠯᠢ ᠶᠢᠨ ᠰᠣᠶᠣᠯ︾ ᠤᠨ ᠰᠤᠳᠤᠯᠭᠠᠨ ᠪᠠ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠰᠤᠳᠤᠯᠭᠠᠨ ᠤ ᠨᠡᠶᠢᠭᠡᠮᠯᠢᠭ ᠢ ᠲᠦᠷᠭᠡᠬᠡᠨ ᠪᠠᠶᠢᠭᠤᠯᠵᠤ᠂ ᠦᠴᠦᠸᠠᠨ ᠰᠢᠶᠠᠨ ᠤ ᠲᠡᠦᠬᠡ ᠰᠣᠶᠣᠯ ᠢ ᠰᠤᠳᠤᠯᠬᠤ ᠳᠤ ᠪᠠᠭ᠋ᠠᠲᠠᠢ ᠨᠡᠩ ᠤᠯᠠᠨ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ᠂ ᠨᠠᠷᠠᠲᠤ ᠲᠡᠮᠳᠡᠭ ᠢ ᠬᠠᠮᠲᠤᠪᠠᠷ ᠡᠭᠦᠳᠬᠦ ᠲᠠᠯ᠎ᠠ ᠪᠠᠷ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠦᠴᠦᠸᠠᠨ ᠤ ᠣᠨᠴᠠᠯᠢᠭ ᠲᠠᠢ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠬᠠᠮᠲᠤᠪᠠᠷ ᠪᠠᠶᠢᠭᠤᠯᠵᠤ᠂ ᠰᠠᠶᠢᠲᠤᠷ ᠡᠭᠦᠳᠴᠦ᠂ ᠨᠡᠷ᠎ᠡ ᠠᠯᠳᠠᠷᠲᠠᠢ ᠪᠣᠯᠭᠠᠬᠤ ᠬᠡᠷᠡᠭᠲᠡᠢ᠃ ᠦᠴᠦᠸᠠᠨ ᠰᠢᠶᠠᠨ ᠤ ᠭᠦᠨ ᠵᠤᠵᠠᠭᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠤᠨ ᠲᠣᠭᠤᠷᠢᠨ ᠳᠤ᠂ ᠴᠢᠨᠠᠭᠰᠢᠳᠠ ᠰᠤᠷᠤᠯᠴᠠᠨ ᠰᠤᠳᠤᠯᠤᠨ ᠶᠠᠷᠢᠯᠴᠠᠵᠤ᠂ ᠭᠦᠨᠵᠡᠭᠡᠢ ᠠᠭᠤᠳᠠᠯᠵᠤ᠂ ᠯᠣᠭᠢᠭ ᠢᠶᠠᠷ ᠬᠤᠷᠢᠶᠠᠩᠭᠤᠶᠢᠯᠠᠵᠤ᠂ ᠨᠠᠷᠢᠯᠢᠭᠵᠢᠭᠤᠯᠤᠨ ᠲᠠᠶᠢᠯᠪᠤᠷᠢᠯᠠᠵᠤ᠂ ᠡᠭᠦᠨ ᠤ ᠤᠯᠠᠮ ᠢᠶᠠᠷ ᠠᠭᠤᠯᠬᠤᠨ ᠨᠢ ᠲᠣᠳᠣᠷᠬᠠᠢ᠂ ᠠᠭᠤᠯᠭ᠎ᠠ ᠨᠢ ᠪᠠᠶᠠᠯᠢᠭ ᠪᠣᠳᠠᠲᠠᠢ᠂ ᠠᠷᠭ᠎ᠠ ᠬᠡᠮᠵᠢᠶ᠎ᠡ ᠨᠢ ᠬᠦᠴᠦᠨ ᠲᠡᠭᠦᠯᠳᠡᠷ ︽ᠦᠴᠦᠸᠠᠨ ᠰᠢᠶᠠᠨ ᠤ ︿ᠤᠮᠠᠷᠠᠲᠤ ᠬᠢᠯᠢ ᠶᠢᠨ ᠰᠣᠶᠣᠯ﹀ ᠤᠨ ᠨᠠᠷᠠᠲᠤ ᠲᠡᠮᠳᠡᠭ ᠢ ᠡᠭᠦᠳᠬᠦ ᠠᠵᠢᠯ ᠤᠨ ᠲᠥᠰᠥᠯ︾ ᠢ ᠪᠦᠷᠢᠯᠳᠦᠭᠦᠯᠵᠦ᠂ ︽ᠤᠮᠠᠷᠠᠲᠤ ᠬᠢᠯᠢ ᠶᠢᠨ ᠰᠣᠶᠣᠯ︾ ᠢ ᠨᠡᠩ ᠪᠠᠶᠠᠯᠢᠭ ᠠᠭᠤᠯᠤᠭᠳᠠᠬᠤᠨ ᠲᠠᠢ᠂ ᠨᠡᠩ ᠦᠨᠦᠷ ᠠᠮᠲᠠ ᠲᠠᠢ ᠪᠣᠯᠭᠠᠬᠤ ᠬᠡᠷᠡᠭᠲᠡᠢ᠃ ᠡᠭᠦᠨ ᠤ ᠬᠠᠮᠲᠤ ︽ᠤᠮᠠᠷᠠᠲᠤ ᠬᠢᠯᠢ ᠶᠢᠨ ᠰᠣᠶᠣᠯ︾ ᠢ ᠤᠯᠠᠮ ᠴᠢᠨᠠᠭᠰᠢᠳᠠ ᠤᠬᠠᠭᠤᠯᠤᠨ ᠳᠡᠯᠭᠡᠷᠡᠭᠦᠯᠵᠦ᠂ ᠤᠬᠠᠭᠤᠯᠵᠤ ᠬᠥᠲᠥᠯᠥᠨ ᠵᠢᠯᠤᠭᠤᠳᠬᠤ ᠬᠦᠴᠦᠨ ᠢᠶᠠᠨ ᠳᠡᠭᠡᠭᠰᠢᠯᠡᠭᠦᠯᠵᠦ᠂ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠢ ᠰᠠᠶᠢᠲᠤᠷ ᠤᠯᠠᠮᠵᠢᠯᠠᠨ ᠬᠥᠭᠵᠢᠭᠦᠯᠵᠦ᠂ ᠦᠴᠦᠸᠠᠨ ᠰᠢᠶᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠳᠤᠮᠳᠠᠳᠤ ᠶᠢᠨ ᠰᠣᠶᠣᠯ ᠤᠨ ᠰᠤᠳᠠᠰᠤ ᠶᠢ ᠨᠡᠩ ᠰᠠᠶᠢᠲᠤᠷ ᠣᠶᠢᠯᠠᠭᠠᠭᠤᠯᠵᠤ᠂ ᠰᠣᠶᠣᠯ ᠤᠨ ᠮᠡᠳᠡᠷᠡᠮᠵᠢ ᠶᠢ ᠨᠢ ᠴᠢᠩᠭᠠᠳᠬᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号